ᠰᠤᠷᠪᠤᠯᠵᠢᠯᠠᠭᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ ᠡᠴᠡ ᠤᠢᠯᠠᠭᠠᠭᠰᠠᠨ ᠵᠢᠨᠷ᠂ 2025 ᠣᠨ᠎ᠳᠤ ᠥᠪᠥᠷ ᠮᠣᠩᠭᠣᠯ ᠤᠨ ᠶᠡᠬᠡ ᠳᠡᠭᠡᠳᠦ ᠰᠤᠷᠭᠠᠭᠤᠯᠢ᠎ᠶᠢᠨ ᠬᠢᠨ 《ᠵᠠᠯᠠᠭᠤᠴᠤᠳ᠎ᠤᠨ ᠰᠣᠯᠢᠯᠴᠠᠨ ᠰᠤᠷᠤᠯᠴᠠᠬᠤ ᠲᠥᠯᠥᠪᠯᠡᠭᠡ》 (YES ᠲᠦᠷᠦᠯ ᠵᠦᠢᠯ) ᠵᠢᠨ ᠠᠵᠢᠯᠯᠠᠭ᠎ᠠ ᠶᠢ ᠡᠷᠬᠢᠯᠡᠭᠡᠳ᠂ ᠠᠮᠧᠷᠢᠺᠠ᠂ ᠭᠧᠷᠮᠠᠨ᠂ ᠹᠷᠠᠨᠼᠢ᠂ ᠢᠲ᠋ᠠᠯᠢ ᠵᠡᠷᠭᠡ ᠤᠯᠤᠰ᠎ᠤᠳ᠎ᠤᠨ 93 ᠵᠠᠯᠠᠭᠤ ᠰᠤᠷᠤᠭ᠍ᠴᠢ ᠥᠪᠥᠷ ᠮᠣᠩᠭᠣᠯ᠎ᠳᠤ ᠢᠷᠡᠵᠦ᠂ ᠥᠪᠥᠷ ᠮᠣᠩᠭᠣᠯ᠎ᠤᠨ ᠵᠠᠯᠠᠭᠤᠴᠤᠳ᠎ᠲᠠᠢ ᠬᠠᠮᠲᠤ ᠪᠠᠷ ᠪᠠᠶᠠᠯᠢᠭ᠋ ᠰᠠᠢᠬᠠᠨ ᠡᠷᠳᠡᠮ ᠰᠢᠨᠵᠢᠯᠡᠭᠡᠨ᠎ᠦ ᠰᠣᠯᠢᠯᠴᠠᠭ᠎ᠠ ᠪᠣᠯᠣᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠳᠤᠮᠳᠠᠳᠤ ᠭᠠᠳᠠᠭᠠᠳᠤ ᠶᠢᠨ ᠵᠠᠯᠠᠭᠤᠴᠤᠳ ᠤᠨ ᠨᠥᠬᠥᠷᠯᠡᠯ ᠪᠣᠯᠣᠨ ᠣᠢᠯᠠᠭᠠᠯᠴᠠᠭ᠎ᠠ᠎ᠶᠢ ᠨᠡᠮᠡᠭᠳᠡᠭᠦᠯᠵᠡᠢ᠃
ᠥᠪᠥᠷ ᠮᠣᠩᠭᠣᠯ ᠤᠨ ᠲᠠᠷᠢᠶᠠᠯᠠᠩ᠎ᠤᠨ ᠶᠡᠬᠡ ᠰᠤᠷᠭᠠᠭᠤᠯᠢ ᠪᠣᠷᠣᠳᠣᠬᠣᠢ ᠳᠡᠭᠡᠳᠦ ᠰᠤᠷᠭᠠᠭᠤᠯᠢ᠎ᠲᠠᠢ ᠬᠠᠮᠲᠤᠷᠠᠨ 2025 ᠳᠤᠮᠳᠠᠳᠤ ᠠᠮᠧᠷᠢᠺᠠ᠎ᠶᠢᠨ ᠵᠠᠯᠠᠭᠤᠴᠤᠳ ᠤᠨ ᠥᠪᠥᠷ ᠮᠣᠩᠭᠣᠯ᠎ᠤᠨ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠠᠵᠢᠯᠯᠠᠭ᠎ᠠ ᠡᠷᠬᠢᠯᠡᠵᠦ᠂ ᠬᠠᠸᠠᠶᠢ ᠶᠡᠬᠡ ᠰᠤᠷᠭᠠᠭᠤᠯᠢ᠂ ᠶᠠᠯᠸ ᠶᠡᠬᠡ ᠰᠤᠷᠭᠠᠭᠤᠯᠢ᠂ ᠮᠢᠰᠢᠭᠠᠨ ᠶᠡᠬᠡ ᠰᠤᠷᠭᠠᠭᠤᠯᠢ ᠠ᠋ᠴᠠ ᠢᠷᠡᠭᠰᠡᠨ ᠠᠮᠧᠷᠢᠺᠠ ᠶ᠋ᠢᠨ 23 ᠪᠠᠭ᠍ᠰᠢ ᠰᠤᠷᠤᠭ᠍ᠴᠢ ᠳᠤᠮᠳᠠᠳᠤ ᠶ᠋ᠢᠨ ᠰᠤᠷᠤᠭ᠍ᠴᠢᠳ᠎ᠲᠠᠢ ᠬᠠᠮᠲᠤ᠎ᠪᠠᠷ 《ᠴᠢᠯᠧ ᠵᠢᠨ ᠳᠠᠭᠤᠯᠠᠯ 》 ᠢ᠋ ᠤᠩᠰᠢᠵᠤ᠂ ᠮᠤᠨᠢ ᠠᠭᠤᠯᠠ ᠶ᠋ᠢᠨ ᠬᠠᠳᠠᠨ ᠵᠢᠷᠤᠭ ᠢ᠋ ᠰᠤᠨᠢᠷᠬᠠᠨ᠂ ᠬᠠᠲᠤᠨ ᠭᠣᠣᠯ᠎ᠤᠨ ᠠᠮᠢ ᠠᠬᠤᠢ ᠶ᠋ᠢ ᠰᠢᠨᠵᠢᠯᠡᠨ ᠪᠠᠢᠴᠠᠭᠠᠵᠤ᠂ ᠬᠡᠯᠡᠨ᠎ᠦ ᠰᠢᠨᠵᠢᠯᠡᠯ᠂ ᠲᠡᠦᠬᠡ ᠶ᠋ᠢᠨ ᠰᠤᠳᠤᠯᠤᠯ᠂ ᠬᠢᠲᠠᠳ ᠠᠨᠠᠭᠠᠬᠤ ᠤᠬᠠᠭᠠᠨ (ᠮᠣᠩᠭᠣᠯ ᠠᠨᠠᠭᠠᠬᠤ ᠤᠬᠠᠭᠠᠨ) ᠤ᠋ ᠡᠷᠳᠡᠮ ᠰᠢᠨᠵᠢᠯᠡᠭᠡᠨ᠎ᠦ ᠰᠣᠯᠢᠯᠴᠠᠭ᠎ᠠ ᠥᠷᠨᠢᠭᠦᠯᠪᠡ᠃
ᠥᠪᠥᠷ ᠮᠣᠩᠭᠣᠯ ᠤᠨ ᠶᠡᠬᠡ ᠰᠤᠷᠭᠠᠭᠤᠯᠢ ᠤᠷᠢᠳ ᠬᠣᠵᠢᠳ ᠠᠮᠧᠷᠢᠺᠠ᠎ᠶᠢᠨ ᠹᠯᠤᠷᠢᠳᠠ ᠵᠧᠦ ᠪᠣᠯᠣᠨ ᠭᠧᠷᠮᠠᠨ ᠤ ᠮᠠᠭ᠍ᠳᠧᠪᠦᠢ᠍ᠷᠡᠭ ᠬᠤᠳᠠ᠎ᠶᠢᠨ ᠵᠠᠯᠠᠭᠤ ᠰᠤᠷᠤᠭ᠍ᠴᠢᠳ᠎ᠤᠨ ᠲᠥᠯᠥᠭᠡᠯᠡᠭᠴᠢᠳ᠎ᠦᠨ ᠪᠦᠯᠬᠦᠮ ᠢ ᠤᠭᠲᠤᠨ ᠠᠪᠴᠠᠢ᠃ ᠠᠮᠧᠷᠢᠺᠠ᠎ᠶᠢᠨ 11 ᠵᠠᠯᠠᠭᠤᠴᠤᠳ ᠪᠠ ᠭᠧᠷᠮᠠᠨ᠎ᠤ 19 ᠵᠠᠯᠠᠭᠤᠴᠤᠳ ᠪᠦᠷᠢᠶ᠎ᠠ ᠮᠠᠩᠬ᠎ᠠ ᠳ᠋ᠤ ᠬᠦᠷᠴᠦ᠂ ᠳᠤᠮᠳᠠᠳᠤ ᠤᠯᠤᠰ ᠤᠨ ᠪᠣᠬᠢᠷᠲᠤᠯ ᠦᠭᠡᠢ ᠬᠥᠭᠵᠢᠯᠲᠡ᠎ᠶᠢᠨ ᠦᠢᠯᠡᠳᠦᠯᠭᠡ᠎ᠶᠢ ᠪᠡᠶᠡᠴᠢᠯᠡᠨ ᠣᠢᠯᠠᠭᠠᠵᠤ᠂ ᠢᠯᠢ᠎ᠶᠢᠨ ᠤᠳᠤ ᠦᠶ᠎ᠡ᠎ᠶᠢᠨ ᠣᠶᠤᠨᠲᠤ ᠡᠷᠡᠭᠦᠯ ᠮᠡᠨᠳᠦ᠎ᠶᠢᠨ ᠬᠥᠨᠳᠡᠢ᠎ᠳᠦ ᠳᠤᠮᠳᠠᠳᠤ ᠤᠯᠤᠰ᠎ᠤᠨ ᠰᠦ ᠵᠢᠨ ᠦᠢᠯᠡᠰ ᠦᠨ ᠣᠳᠣᠬᠢᠴᠢᠯᠠᠯᠲᠠ ᠶᠢᠨ ᠬᠥᠭᠵᠢᠯᠲᠡ᠎ᠶᠢᠨ ᠰᠢᠨ᠎ᠡ ᠦᠷ᠎ᠡ ᠪᠦᠲᠦᠭᠡᠯ᠎ᠢ ᠤᠢᠯᠠᠭᠠᠪᠠ᠃ ᠠᠵᠢᠯᠯᠠᠭ᠎ᠠ ᠨᠢ ᠪᠠᠰᠠ ᠪᠡᠭᠡᠵᠢᠩ᠎ᠦᠨ ᠬᠠᠭᠠᠨ᠎ᠤ ᠣᠷᠳᠣᠨ᠂ ᠣᠷᠳᠣ᠌ ᠴᠠᠭᠠᠨ ᠬᠡᠷᠡᠮ᠂ ᠥᠪᠥᠷ ᠮᠣᠩᠭᠣᠯ᠎ᠤᠨ ᠮᠦᠽᠧᠢ ᠪᠡᠷ ᠬᠦᠷᠴᠦ ᠰᠤᠷᠪᠤᠯᠵᠢᠯᠠᠪᠠ ᠃
ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ 《ᠳᠤᠮᠳᠠᠳᠤ ᠹᠷᠠᠨᠼᠢ᠎ᠵᠢᠨ ᠰᠤᠷᠤᠭᠴᠢᠳ ᠤᠮᠠᠷᠠᠳᠤ ᠬᠢᠯᠢ ᠵᠢ ᠬᠠᠮᠳᠤ ᠪᠡᠷ ᠤᠢᠯᠠᠭᠠᠬᠤᠢ》 ᠰᠣᠯᠢᠯᠴᠠᠭᠠᠨ᠎ᠤ ᠠᠵᠢᠯᠯᠠᠭ᠎ᠠ ᠦᠷᠨᠢᠬᠦᠯᠵᠦ᠂ ᠹᠷᠠᠨᠼᠢ᠎ᠶᠢᠨ 8 ᠵᠠᠯᠠᠭᠤ ᠰᠤᠷᠤᠭ᠍ᠴᠢ ᠭᠦᠨᠵᠡᠭᠡᠢ ᠪᠡᠶᠡᠴᠢᠯᠡᠨ ᠤᠢᠯᠠᠭᠠᠬᠤ ᠠᠵᠢᠯᠯᠠᠭ᠎ᠠ ᠳ᠋ᠤ ᠤᠷᠤᠯᠴᠠᠵᠠᠢ᠃ ᠳᠡᠳᠡ ᠤᠷᠠᠨ ᠪᠢᠴᠢᠯᠭᠡ᠂ ᠨᠡᠷᠡᠬᠦᠢ ᠨᠢᠳᠤᠷᠭ᠎ᠠ ᠵᠢᠨ ᠳᠤᠬᠠᠢ ᠪᠡᠶᠡᠴᠢᠯᠡᠨ ᠤᠢᠯᠠᠭᠠᠵᠤ᠂ ᠮᠧᠩ ᠼᠤᠤ᠂ ᠡᠯᠡᠰᠦᠨ ᠴᠦᠯ᠎ᠦᠨ ᠭᠡᠷᠡᠯᠴᠢ ᠴᠡᠨᠡᠭ᠎ᠦᠨ ᠰᠠᠭᠤᠷᠢᠨᠵᠢᠡᠷ ᠲᠤᠭᠤᠷᠢᠨ ᠰᠤᠷᠪᠤᠯᠵᠢᠯᠠᠵᠤ᠂ ᠥᠪᠥᠷ ᠮᠣᠩᠭᠣᠯ᠎ᠤᠨ ᠪᠣᠬᠢᠷᠲᠤᠯ ᠦᠭᠡᠢ ᠬᠥᠭᠵᠢᠯᠲᠡ ᠪᠣᠯᠣᠨ ᠤᠳᠤ ᠦᠶ᠎ᠡ᠎ᠶᠢᠨ ᠠᠵᠤ ᠦᠢᠯᠡᠰ ᠦᠨ ᠦᠷᠨᠢᠬᠦᠨ ᠬᠦᠭᠵᠢᠯᠳᠡ ᠵᠢ ᠤᠢᠯᠠᠭᠠᠪᠠ᠃
ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ 《ᠲᠣᠷᠭᠠᠨ ᠵᠠᠮ᠎ᠤᠨ ᠳᠠᠮᠵᠢᠭᠤᠯᠭ᠎ᠠ·ᠤᠮᠠᠷᠠᠲᠤ ᠬᠢᠯᠢ᠎ᠶᠢ ᠵᠢᠷᠤᠭᠯᠠᠨᠠᠮ 》 ᠭᠡᠬᠦ ᠪᠡᠷ ᠭᠤᠤᠯ ᠰᠡᠳᠦᠪ ᠪᠤᠯᠭᠠᠭᠰᠠᠨ ᠪᠸᠯᠤᠷᠥ᠋ᠰᠵᠢᠨ ᠵᠠᠯᠠᠭᠤᠴᠤᠳ ᠪᠠᠭᠠᠴᠤᠳ᠎ᠤᠨ ᠳᠤᠮᠳᠠᠳᠤ ᠤᠯᠤᠰ᠎ᠲᠤ ᠠᠢᠯᠴᠢᠯᠠᠬᠤ ᠵᠤᠰᠠᠯᠠᠩ ᠡᠷᠭᠢᠯᠡᠵᠦ᠂ 14 ᠰᠣᠷᠣᠭ᠍ᠴᠢ ᠣᠷᠣᠯᠴᠠᠵᠠᠢ᠃ ᠠᠵᠢᠯᠯᠠᠭ᠎ᠠ᠎ᠳ᠋ᠤ ᠰᠤᠷᠤᠭᠴᠢᠳ ᠬᠡᠷᠡᠭᠯᠡᠭᠡᠨ᠎ᠦ ᠬᠢᠲᠠᠳ ᠬᠡᠯᠡᠨ᠎ᠦ ᠬᠢᠴᠢᠶᠡᠯ ᠪᠣᠯᠣᠨ ᠰᠣᠶᠣᠯ ᠠᠯᠤᠰᠯᠠᠭᠰᠠᠨ ᠬᠠᠷᠢᠯᠴᠠᠭᠠᠨ᠎ᠤ ᠶᠣᠰᠣ᠌ ᠵᠢᠷᠤᠮ᠎ᠢ ᠰᠢᠰᠲᠧᠮ᠎ᠲᠠᠢ ᠰᠤᠷᠤᠯᠴᠠᠵᠤ ᠂ ᠪᠠᠰᠠ ᠳᠤᠮᠳᠠᠳᠤ᠎ᠶᠢᠨ ᠤᠯᠠᠮᠵᠢᠯᠠᠯᠲᠤ ᠰᠣᠶᠣᠯ᠎ᠢ ᠤᠢᠯᠠᠭᠠᠪᠠ᠃
《ᠪᠢᠳᠡ ᠣᠷᠣᠨ ᠤ ᠲᠤᠳᠤᠷᠠᠬᠢ ᠶᠡᠬᠡ ᠳᠡᠭᠡᠳᠦ ᠰᠤᠷᠭᠠᠭᠤᠯᠢ᠎ᠶᠢ ᠵᠢᠯᠣᠭᠣᠳᠤᠨ ᠳᠤᠮᠳᠠᠳᠤ ᠭᠠᠳᠠᠭᠠᠳᠤ ᠶᠢᠨ ᠵᠠᠯᠠᠭᠤᠴᠤᠳ ᠤᠨ ᠰᠣᠯᠢᠯᠴᠠᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠂ ᠳᠡᠯᠡᠬᠡᠢᠴᠢᠯᠡᠭᠰᠡᠨ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠵᠦ᠂ ᠰᠣᠶᠣᠯ ᠢᠷᠭᠡᠨᠰᠢᠯ ᠦᠨ ᠰᠣᠯᠢᠯᠴᠠᠭ᠎ᠠ᠎ᠪᠠᠷ ᠳᠠᠮᠵᠢᠭᠤᠯᠤᠨ᠂ ᠠᠮᠢ ᠠᠬᠤᠢ᠎ᠶᠢᠨ ᠪᠣᠯᠪᠠᠰᠤᠨ ᠬᠢᠭᠡᠳ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠥᠪᠥᠷ ᠮᠣᠩᠭᠣᠯ᠎ᠤᠨ ᠦᠯᠢᠭᠡᠷ᠎ᠢ ᠳᠡᠯᠡᠬᠡᠢ ᠳ᠋ᠠᠬᠢᠨ ᠳᠤ ᠰᠠᠢᠳᠤᠷ ᠶᠠᠷᠢᠨ᠎ᠠ 》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠲᠤᠷᠠᠯᠴᠠᠭ᠎ᠠ ᠰᠣᠯᠢᠯᠴᠠᠭᠠᠨ ᠤ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃