ᠦᠪᠤᠷ ᠮᠤᠡᠭᠭᠤᠯ 《ᠦᠯᠢᠭᠡᠷ ᠳᠠᠭᠤᠷᠢᠶᠠᠯ ᠡᠴᠡ ᠰᠤᠷᠤᠯᠴᠠᠵᠤ ᠦᠯᠢᠭᠡᠷ ᠳᠠᠭᠤᠷᠢᠶᠠᠯ᠎ᠢ ᠶᠠᠷᠢᠵᠤ ᠦᠯᠢᠭᠡᠷ ᠳᠠᠭᠤᠷᠢᠶᠠᠯ ᠪᠣᠯᠬᠤ》 ᠠᠵᠢᠯᠯᠠᠭ᠎ᠠ ᠡᠷᠬᠢᠯᠡᠪᠠ
2025-12-02 11:09:34
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠦᠨᠳᠦᠰᠦᠲᠡᠨ᠎ᠦ ᠬᠡᠪᠯᠡᠯ᠎ᠦᠨ ᠬᠣᠷᠢᠶ᠎ᠠ᠂ ᠬᠥᠬᠡᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠵᠢᠴᠢ ᠱᠢᠨ᠎ᠡ ᠬᠣᠲᠠ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠡᠴᠠ ᠬᠠᠮᠲᠤᠷᠠᠨ ᠡᠷᠭᠢᠯᠡᠭ᠌ᠰᠡᠨ 《ᠦᠯᠢᠭᠡᠷ ᠳᠠᠭᠤᠷᠢᠶᠠᠯ᠎ᠡᠴᠡ ᠰᠤᠷᠤᠯᠴᠠᠵᠤ ᠦᠯᠢᠭᠡᠷ ᠳᠠᠭᠤᠷᠢᠶᠠᠯ ᠎ᠢ ᠶᠠᠷᠢᠵᠤ ᠦᠯᠢᠭᠡᠷ ᠳᠠᠭᠤᠷᠢᠶᠠᠯ ᠪᠣᠯᠬᠤ》᠂ 《ᠥᠯᠢᠭᠡᠷ ᠳᠠᠭᠤᠷᠢᠶᠠᠯ — ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠪᠠ ᠵᠢᠱ᠌ᠢᠶᠡᠴᠢ ᠬᠤᠪᠢ ᠬᠥᠮᠦᠨ᠎ᠦ ᠦᠶ᠋ᠯᠡ ᠠᠵᠢᠯᠯᠠᠭ᠎ᠠ᠎ᠶ᠋ᠢᠨ ᠰᠣᠩᠭᠣᠮᠠᠯ》 ᠨᠣᠮ ᠪᠢᠴᠢᠭ᠎ᠤᠨ ᠲᠠᠨᠢᠯᠴᠠᠭᠤᠯᠭ᠎ᠠ ᠵᠢᠨ ᠬᠤᠷᠠᠯ ᠵᠢᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠪᠠ᠃

ᠲᠣᠰ ᠤᠳᠠᠭᠠᠨ᠎ᠤ ᠠᠵᠢᠯᠯᠠᠭ᠎ᠠ᠎ᠨᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠭᠦᠨᠵᠡᠭᠡᠶ ᠤᠬᠠᠭᠤᠯᠵᠤ᠂ ᠨᠡᠢᠭᠡᠮ ᠳᠠᠶᠠᠭᠠᠷ᠎ᠲᠤ ᠵᠢᠱ᠌ᠢᠶᠡᠴᠢ᠎ᠶ᠋ᠢ ᠡᠷᠬᠢᠮᠯᠡᠬᠦ᠌᠂ ᠵᠢᠱ᠌ᠢᠶᠡᠴᠢ᠎ᠡᠴᠡ ᠰᠤᠷᠤᠯᠴᠠᠬᠤ᠂ ᠵᠢᠱ᠌ᠢᠶᠡᠴᠢ ᠪᠣᠯᠬᠤ᠎ᠪᠠᠷ ᠴᠢᠷᠮᠠᠢᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠪᠠᠲᠤ ᠴᠤᠭᠴᠠᠯᠠᠬᠤ ᠵᠢ ᠵᠤᠷᠢᠪᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠱᠢᠨ᠎ᠡ ᠬᠣᠲᠠ ᠲᠣᠭᠣᠷᠢᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠱᠢᠷᠢᠰ ᠤᠬᠠᠭᠤᠯᠭ᠎ᠠ᠎ᠶ᠋ᠢᠨ ᠣᠬᠣᠷ ᠸᠢᠳᠢᠣ᠋ 《ᠱᠢᠨ᠎ᠡ ᠬᠣᠲᠠ》 ᠶ᠋ᠢ ᠨᠡᠢᠲᠡᠯᠡᠵᠦ᠍᠂ 《ᠲᠡᠦᠬᠡ᠎ᠶ᠋ᠢ ᠭᠡᠷᠡᠴᠢᠯᠡᠵᠦ᠍ ᠭᠠᠢᠬᠠᠮᠱᠢᠭ᠎ᠢ ᠡᠬᠦᠳᠬᠦ》᠂ 《ᠵᠠᠭᠤᠨ ᠵᠢᠯ᠎ᠦᠨ ᠠᠶᠠᠨ᠎ᠡᠴᠦᠰ ᠤ᠋ᠨ ᠠᠮᠵᠢᠯᠲᠠ ᠤᠯᠤᠬᠰᠠᠨ》᠂ 《ᠴᠡᠯᠡᠭᠡᠷ ᠲᠠᠯ᠎ᠠ ᠵᠢᠨ ᠬᠠᠢᠷ᠎ᠠ ᠰᠡᠳᠭᠢᠯᠭᠡ ᠨᠤᠭᠤᠭᠠᠨ ᠦᠡᠭᠬᠡ ᠵᠢᠨ ᠭᠠᠢᠬᠠᠮᠱᠢᠭ》 ᠵᠡᠷᠭᠡ 3 ᠠᠭᠤᠯᠭ᠎ᠠ ᠪᠠᠷ ᠱᠢᠨ᠎ᠡ ᠬᠣᠲᠠ ᠲᠣᠭᠣᠷᠢᠭ᠎ᠤᠨ ᠭᠦᠨ ᠵᠤᠵᠠᠭᠠᠨ ᠠᠭᠤᠯᠤᠭ᠍ᠳᠠᠬᠤᠨ᠂ ᠥᠪᠡᠷᠮᠢᠴᠡ ᠲᠠᠲᠠᠬᠤ ᠬᠦᠴᠦᠨ ᠪᠠ ᠴᠣᠭ ᠪᠠᠳᠠᠷᠠᠩᠭᠤᠶ ᠴᠣᠭ ᠵᠢᠪᠬᠤᠭ᠎ᠠ᠎ᠶ᠋ᠢ ᠢᠯᠡᠷᠡᠭᠦᠯᠪᠡ; 《ᠦᠯᠢᠭᠡᠷ ᠳᠠᠭᠤᠷᠢᠶᠠᠯ ᠡᠴᠠ ᠰᠤᠷᠤᠯᠴᠠᠬᠤ — ᠨᠣᠮ ᠪᠢᠴᠢᠭ ᠬᠠᠨᠳᠢᠪᠯᠠᠬᠤ ᠶᠣᠰᠣᠯᠠᠯ》 ᠳᠡᠭᠡᠷ᠎ᠡ᠂ ᠬᠠᠮᠢᠶ᠎ᠠ ᠪᠦᠬᠦᠢ ᠨᠢᠭᠡᠴᠢ᠎ᠶ᠋ᠢᠨ ᠬᠠᠷᠢᠭᠤᠴᠠᠯᠭᠠᠲᠠᠨ ᠡᠴᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ ᠲᠣᠭᠣᠷᠢᠭ ᠪᠠ ᠰᠤᠷᠭᠠᠭᠤᠯᠢ᠎ᠳᠤ 《ᠦᠯᠢᠭᠡᠷ ᠳᠠᠭᠤᠷᠢᠶᠠᠯ ᠪᠣᠯᠬᠤ — ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠪᠠ ᠵᠢᠱ᠌ᠢᠶᠡᠴᠢ ᠬᠤᠪᠢ ᠬᠥᠮᠦᠨ᠎ᠦ ᠦᠢᠯᠡ ᠠᠵᠢᠯᠯᠠᠭ᠎ᠠ᠎ᠶ᠋ᠢᠨ ᠰᠣᠩᠭᠣᠮᠠᠯ》 ᠵᠡᠷᠭᠡ 100 ᠭᠠᠷᠤᠢ ᠨᠣᠮ  ᠪᠢᠴᠢᠭ᠎ᠢ ᠬᠠᠨᠳᠢᠪᠯᠠᠪᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠲᠣᠰ ᠤᠳᠠᠭᠠᠨ᠎ᠤ ᠠᠵᠢᠯᠯᠠᠭ᠎ᠠ᠎ᠪᠠᠷ ᠳᠠᠮᠵᠢᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠥᠯᠢᠭᠡᠷ ᠳᠠᠭᠤᠷᠢᠶᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠦᠶ᠋ᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠬᠢᠭᠤᠯᠤᠨ᠎ᠠ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号