ᠵᠠᠩ ᠶᠠᠨ ᠺᠦᠨ ᠬᠤᠷᠠᠯ ᠢ ᠡᠷᠭᠢᠯᠡᠵᠡᠢ
12 ᠰᠠᠷ᠎ᠠ᠎ᠶ᠋ᠢᠨ 1᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠤᠯᠤᠰ ᠲᠦᠷᠦ᠍᠎ᠶ᠋ᠢᠨ ᠵᠥᠪᠯᠡᠯᠭᠡᠨ 62 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠡᠴᠡ《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠷᠢᠮ (ᠬᠢᠨᠠᠨ ᠵᠥᠪᠯᠡᠬᠦ᠌ ᠨᠤᠤᠷᠠᠭ)》 ᠢ᠋ ᠬᠢᠨᠠᠨ ᠵᠥᠪᠯᠡᠪᠡ᠃
ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠲᠣᠭ᠍ᠲᠠᠭᠠᠭ᠍ᠰᠠᠨ ᠭᠣᠣᠯᠳᠠᠯᠭ᠎ᠠ᠎ᠲᠠᠶ ᠡᠭᠦᠷᠭᠡ ᠳᠦ ᠠᠩᠬᠠᠷᠤᠯ ᠢᠶᠠᠨ ᠲᠥᠪᠯᠡᠷᠡᠭᠦᠯᠵᠦ᠍᠂ ᠰᠠᠨᠠᠯ ᠳᠤᠷᠠᠳᠤᠯᠭ᠎ᠠ᠎ᠶ᠋ᠢ ᠭᠦᠢᠴᠡᠳᠭᠡᠬᠦ᠌ ᠠᠵᠢᠯ᠎ᠤᠨ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠰᠠᠨᠠᠯ ᠳᠤᠷᠠᠳᠤᠯᠭ᠎ᠠ ᠶ᠋ᠢ ᠪᠣᠢ ᠪᠤᠯᠭᠠᠬᠤ᠂ ᠬᠢᠨᠠᠨ ᠬᠠᠷᠭᠤᠭᠤᠯᠬᠤ᠂ ᠳᠠᠩᠰᠠᠯᠠᠬᠤ᠂ ᠭᠦᠢᠴᠡᠳᠭᠡᠬᠦ᠌ ᠵᠡᠷᠭᠡ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠶᠢᠨ ᠳᠥᠷᠪᠡᠳᠦᠭᠡᠷ ᠪᠥᠬᠥᠳᠡ ᠬᠤᠷᠠᠯ᠎ᠤᠨ ᠰᠠᠨᠠᠯ ᠳᠤᠷᠠᠳᠤᠯᠭ᠎ᠠ᠎ᠶ᠋ᠢᠨ ᠠᠵᠢᠯ ᠢ ᠰᠠᠢᠲᠤᠷ ᠵᠣᠬᠢᠶᠠᠨ ᠪᠠᠢᠭᠤᠯᠤᠨ ᠤᠬᠠᠭᠠᠯᠠᠵᠦ᠍᠂ ᠰᠠᠨᠠᠯ ᠳᠤᠷᠠᠳᠤᠯᠭ᠎ᠠ᠎ᠶ᠋ᠢᠨ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠭᠦᠢᠴᠡᠳᠭᠡᠬᠦ᠌ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠳᠤᠷᠠᠳᠴᠠᠢ᠃