ᠵᠢᠯ᠎ᠦᠨ ᠡᠬᠢᠨ᠎ᠡᠴᠡ ᠨᠠᠭᠠᠰᠢ᠂ ᠲᠥᠩᠯᠢᠶᠤᠤ ᠬᠣᠲᠠ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠦᠷᠭᠦᠯᠵᠢᠯᠡᠨ ᠨᠡᠮᠡᠭᠳᠡᠭᠦᠯᠪᠠ᠃ ᠲᠣᠭ᠎ᠠ ᠪᠠᠷᠢᠮᠲᠠ ᠵᠢ ᠥᠨᠳᠥᠰᠥᠯᠡᠪᠡᠯ᠂ ᠲᠦᠷᠦᠭᠦᠦ ᠭᠤᠷᠪᠠᠨ ᠤᠯᠠᠷᠢᠯ᠎ᠳᠤ ᠪᠥᠬᠥ ᠬᠣᠲᠠ᠎ᠶᠢᠨ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 15896 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 6.0% ᠪᠡᠷ ᠨᠡᠮᠡᠭᠳᠡᠨ᠂ ᠨᠡᠮᠡᠭᠳᠡᠯ᠎ᠦᠨ ᠬᠤᠷᠳᠤᠴᠠ ᠨᠢ ᠪᠥᠬᠥ ᠣᠷᠣᠨ᠎ᠤ ᠳᠥᠷᠪᠡᠳᠦᠭᠡᠷ᠎ᠲᠦ ᠵᠢᠭ᠍ᠰᠠᠵᠤ᠂ ᠲᠣᠰ ᠲᠣᠰ ᠪᠥᠬᠥ ᠤᠯᠤᠰ᠂ ᠪᠥᠬᠥ ᠣᠷᠣᠨ᠎ᠤ ᠳᠤᠮᠳᠠᠴᠢ ᠲᠦᠪᠰᠢᠨ᠎ᠡᠴᠡ ᠵᠠᠭᠤᠨ᠎ᠤ ᠬᠠᠷᠢᠴᠠᠯ ᠵᠢᠨᠷ 0.3 ᠪᠠ 0.4 ᠬᠤᠪᠢ ᠥᠨᠳᠥᠷ ᠪᠣᠯᠤᠬᠰᠠᠨ ᠪᠠᠢᠨ᠎ᠠ᠃
ᠠᠵᠢᠯ ᠡᠷᠢᠬᠦ᠎ᠳᠦ ᠵᠣᠪᠠᠬᠤ ᠦᠭᠡᠢ ᠪᠤᠯᠵᠤ᠂ ᠡᠭᠦᠳᠡᠨ ᠡᠮᠥᠨ᠎ᠡ ᠪᠠᠨ ᠥᠨᠳᠥᠷ ᠴᠠᠯᠢᠩ ᠣᠯᠵᠤ ᠳᠡᠢᠯᠬᠥ ᠪᠤᠯᠪᠠ᠃ ᠲᠤᠰ ᠬᠣᠲᠠ ᠬᠣᠣᠰ ᠴᠢᠭᠯᠡᠯ᠎ᠢᠶᠡᠷ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠵᠤ᠂ ᠨᠢᠭᠡ ᠲᠠᠯ᠎ᠠ᠎ᠪᠠᠷ ᠠᠵᠢᠯ ᠣᠯᠭᠣᠯᠲᠠ᠎ᠶᠢᠨ ᠲᠠᠪᠴᠠᠩ᠎ᠢ ᠪᠠᠢᠭᠤᠯᠥᠨ᠂ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ ᠥᠷᠨᠢᠭᠦᠯᠵᠦ᠂ ᠮᠠᠯᠴᠢᠨ ᠲᠠᠷᠢᠶᠠᠴᠢᠨ᠎ᠤ ᠭᠠᠳᠠᠭ᠍ᠰᠢ ᠭᠠᠷᠴᠤ ᠬᠥᠯᠥᠰᠦᠨ ᠠᠵᠢᠯ ᠬᠢᠬᠦ᠎ᠳᠦ ᠬᠦᠴᠦ ᠨᠡᠮᠡᠷᠢᠯᠡᠨ᠂ ᠲᠦᠷᠦᠭᠦᠦ ᠭᠤᠷᠪᠠᠨ ᠤᠯᠠᠷᠢᠯ᠎ᠳᠤ ᠨᠡᠢ᠍ᠢᠳᠡ 43.52 ᠲᠦᠮᠡᠨ ᠬᠥᠮᠥᠨ᠎ᠢ ᠰᠢᠯᠵᠢᠭᠦᠯᠦᠨ ᠠᠵᠢᠯ ᠣᠯᠭᠣᠵᠠᠢ᠃ ᠡᠭᠦᠨ᠎ᠳᠦ 3.46 ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠲᠣᠭᠲᠠᠪᠤᠷᠢᠳᠠᠢ ᠪᠡᠷᠠᠵᠢᠯᠤᠨ ᠪᠠᠢᠷᠢᠨ᠎ᠳᠤ ᠭᠠᠷᠪᠠ; ᠨᠥᠭᠥᠭᠡ ᠲᠠᠯ᠎ᠠ᠎ᠪᠠᠷ ᠭᠣᠣᠯᠳᠠᠯᠭ᠎ᠠ᠎ᠲᠠᠢ ᠲᠥᠷᠥᠯ ᠵᠦᠢᠯ᠎ᠳᠦ ᠲᠦᠰᠢᠭᠯᠡᠨ᠂ ᠲᠤᠬᠠᠢ᠎ᠶᠢᠨ ᠭᠠᠵᠠᠷ᠎ᠤᠨ ᠠᠵᠢᠯ ᠣᠯᠭᠣᠯᠲᠠ᠎ᠶᠢ ᠳᠠᠶ᠋ᠢᠴᠢᠯᠠᠵᠤ᠂ 1᠎ᠡᠴᠡ 9 ᠰᠠᠷ᠎ᠠ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠳᠤ 1.36 ᠲᠦᠮᠡᠨ ᠬᠥᠮᠥᠨ ᠤᠳᠠᠭ᠎ᠠ ᠵᠢᠨ ᠬᠦᠴᠦ ᠬᠦᠳᠡᠯᠮᠦᠷᠢ ᠬᠡᠷᠡᠭᠰᠡᠵᠦ᠂ 2.17 ᠳ᠋ᠦᠩᠰᠢᠭᠤᠷ ᠲᠥᠭᠥᠷᠢᠭ᠎ᠦᠨ ᠴᠠᠯᠢᠩ ᠤᠯᠭᠤᠵᠠᠢ᠃ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠢ ᠬᠡᠷᠡᠭᠵᠢᠭᠦᠯᠦᠭᠡᠳ᠂ 1.26 ᠲᠦᠮᠡᠨ ᠬᠥᠮᠥᠨ᠎ᠳᠦ ᠠᠵᠢᠯ ᠣᠯᠭᠣᠵᠤ᠂ 1.45 ᠳ᠋ᠦᠩᠰᠢᠭᠤᠷ ᠲᠥᠭᠥᠷᠢᠭ᠎ᠦᠨ ᠣᠷᠣᠯᠭ᠎ᠠ ᠡᠭᠥᠳᠴᠠᠢ᠃ ᠡᠭᠦᠨ᠎ᠦ ᠵᠡᠷᠭᠡ ᠪᠡᠷ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠶᠢ 12064 ᠨᠡᠮᠡᠭᠳᠡᠭᠦᠯᠵᠦ᠂ ᠣᠷᠣᠯᠭ᠎ᠠ ᠪᠠᠭ᠎ᠠ᠂ ᠲᠠᠬᠢᠨ ᠶᠠᠳᠠᠭᠤᠷᠠᠬᠤ ᠪᠤᠯᠤᠮᠵᠢ ᠲᠠᠢ ᠤᠯᠠᠨ ᠲᠦᠮᠡᠨ᠎ᠢ ᠤᠷᠢᠳ᠎ᠢᠶᠡᠷ ᠲᠥᠪᠬᠢᠨᠡᠭᠦᠯᠥᠨ᠂ 《ᠡᠭᠦᠳᠡᠨ ᠡᠮᠥᠨᠡᠬᠢ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ》 ᠵᠢ ᠪᠡᠶᠡᠯᠡᠭᠦᠯᠥᠭᠰᠡᠨ ᠪᠠᠢᠨ᠎ᠠ᠃
ᠳᠠᠷᠢᠮᠠᠯ ᠳᠡᠵᠢᠭᠡᠪᠥᠷᠢ ᠵᠢᠨ ᠥᠢᠯᠡᠰ᠎ᠢ ᠬᠥᠭᠵᠢᠭᠥᠯᠵᠤ᠂ ᠣᠨᠴᠠᠯᠢᠭ᠍ᠲᠤ ᠠᠵᠤ ᠦᠢᠯᠡᠰ ᠵᠢᠨᠷ ᠣᠷᠣᠯᠭ᠎ᠠ ᠵᠢᠨ ᠨᠡᠮᠡᠭᠳᠡᠯ᠎ᠢ ᠠᠬᠢᠭᠤᠯᠪᠠ᠃ ᠲᠠᠷᠢᠮᠠᠯ᠎ᠤᠨ ᠬᠦᠷᠢᠶᠡᠨ᠎ᠳᠦ᠂ ᠲᠦᠩᠯᠢᠶᠤᠤ ᠬᠣᠲᠠ ᠡᠷᠳᠡᠨᠢ ᠰᠢᠰᠢ᠎ᠶᠢᠨ ᠥᠨᠳᠥᠷ ᠤᠨᠠᠯᠲᠠ᠎ᠶᠢᠨ ᠮᠡᠷᠭᠡᠵᠢᠯ᠎ᠢ ᠳᠡᠯᠭᠡᠷᠡᠭᠦᠯᠵᠦ᠂ 208.02 ᠲᠦᠮᠡᠨ ᠮᠦ᠍᠎ᠶᠢᠨ 《ᠲᠣᠨ᠎ᠤ ᠠᠮᠤ᠎ᠶᠢᠨ ᠲᠠᠷᠢᠶ᠎ᠠ》 ᠲᠠᠷᠢᠵᠤ᠂ ᠵᠢᠱ᠌ᠢᠶ᠎ᠡ ᠦᠵᠡᠭᠦᠯᠬᠦ ᠣᠷᠣᠨ᠎ᠤ ᠡᠷᠳᠡᠨᠢ ᠰᠢᠰᠢ᠎ᠶᠢᠨ ᠮᠦ᠍ᠨᠢᠭᠡᠴᠢ ᠵᠢᠨ ᠤᠨᠠᠯᠲᠠ ᠨᠢ 1000 ᠺᠢᠯᠣᠭ᠌ᠷᠠᠮ᠎ᠢ ᠳᠠᠪᠠᠵᠤ᠂ 3.5 ᠲᠦᠮᠡᠨ ᠶᠠᠳᠠᠭᠤ᠎ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠯᠲᠠ ᠬᠦᠯᠢᠶᠡᠬᠦ ᠡᠲᠡᠭᠡᠳ᠎ᠦᠨ ᠳᠤᠮᠳᠠᠴᠢ ᠣᠷᠣᠯᠭ᠎ᠠ᠎ᠶᠢ 1500 ᠲᠥᠭᠥᠷᠢᠭ᠎ᠡᠴᠡ ᠳᠡᠭᠡᠭᠰᠢ ᠨᠡᠮᠡᠭᠳᠡᠭᠦᠯᠵᠠᠢ᠃ ᠦᠬᠡᠷ ᠲᠡᠵᠢᠭᠡᠬᠦ ᠠᠵᠤ ᠦᠢᠯᠡᠰ ᠮᠠᠯᠴᠢᠨ ᠲᠠᠷᠢᠶᠠᠴᠢᠨ᠎ᠢ ᠪᠠᠶᠠᠵᠢᠭᠤᠯᠬᠤ ᠭᠣᠣᠯ ᠬᠥᠴᠥᠨ ᠪᠣᠯᠵᠤ᠂ ᠣᠳᠣᠬᠠᠨ᠎ᠳᠤ ᠪᠦᠬᠦ ᠬᠤᠳᠠ᠎ᠵᠢᠨ ᠮᠢᠬᠠᠨ᠎ᠤ ᠦᠬᠡᠷ᠎ᠤᠨ ᠳᠤᠭ᠎ᠠ 400 ᠲᠦᠮᠡ ᠰᠢᠬᠠᠮ ᠳ᠋ᠤ ᠳᠤᠯᠵᠦ᠂ ᠲᠦᠷᠦᠭᠦᠦ ᠭᠤᠷᠪᠠᠨ ᠤᠯᠠᠷᠢᠯ᠎ᠳᠤ 119.11 ᠲᠦᠮᠡᠨ ᠦᠬᠡᠷ ᠢ ᠵᠠᠬ᠎ᠠ ᠳ᠋ᠤ ᠭᠠᠷᠭᠠᠵᠤ᠂ ᠦᠬᠡᠷ᠎ᠦᠨ ᠮᠢᠬᠠᠨ᠎ᠤ ᠭᠠᠷᠤᠯᠲᠠ 23.83 ᠲᠦᠮᠡᠨ ᠲᠣᠨ᠎ᠳᠤ ᠬᠦᠷᠴᠦ᠂ ᠪᠦᠬᠦ ᠠᠵᠤ ᠦᠢᠯᠡᠰ᠎ᠦᠨ ᠬᠡᠯᠬᠢᠶᠡᠨ᠎ᠤ ᠦᠢᠯᠡᠳᠬᠦᠨ᠎ᠦ ᠦᠷᠳᠡᠭ ᠵᠢᠱ᠌ᠢᠯᠲᠡ᠎ᠪᠡᠷ ᠵᠢᠯ᠎ᠦᠨ ᠡᠴᠦᠰ᠎ᠲᠦ 500 ᠳ᠋ᠦᠩᠰᠢᠭᠤᠷ ᠲᠥᠭᠥᠷᠢᠭ᠎ᠢ ᠳᠠᠪᠠᠬᠤ ᠪᠤᠯᠤᠨ᠎ᠠ᠃ 11.5 ᠲᠦᠮᠡᠨ ᠶᠠᠳᠠᠭᠤ᠎ᠠᠴᠠ ᠠᠩᠭᠢᠵᠢᠷᠠᠭᠰᠠᠨ ᠡᠷᠦᠬᠡ ᠦᠬᠡᠷ ᠲᠡᠵᠢᠭᠡᠬᠦ᠂ ᠦᠬᠡᠷ ᠬᠤᠳᠠᠯᠳᠤᠬᠤ᠎ᠳᠤ ᠲᠦᠰᠢᠭᠯᠡᠨ ᠣᠷᠣᠯᠭ᠎ᠠ᠎ᠪᠠᠨ ᠨᠡᠮᠡᠭᠳᠡᠭᠦᠯᠵᠤ ᠪᠤᠢ᠃ ᠡᠭᠦᠨ᠎ᠡᠴᠡ ᠭᠠᠳᠠᠨ᠎ᠠ᠂ ᠤᠯᠠᠭᠠᠨ ᠯᠠᠵᠤᠤ᠂ ᠠᠮᠲᠠᠲᠤ ᠲᠥᠮᠥᠰᠥ ᠵᠡᠷᠭᠡ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨᠴᠦ ᠵᠠᠬ᠎ᠠ ᠳᠡᠯᠭᠡᠭᠦᠷ᠎ᠲᠦ ᠪᠣᠷᠤᠯᠠᠭᠤᠯᠭ᠎ᠠ ᠰᠠᠢᠲᠠᠢ ᠪᠠᠢᠵᠤ᠂ ᠬᠦᠷᠢᠶ᠎ᠡ ᠬᠠᠰᠢᠶᠠᠨ᠎ᠤ ᠠᠵᠤ ᠠᠬᠤᠢ᠂ ᠬᠥᠳᠡᠭᠡ ᠲᠣᠰᠬᠣᠨ᠎ᠤ ᠵᠢᠭᠤᠯᠴᠢᠯᠠᠯ ᠥᠷᠨᠢᠵᠤ ᠬᠥᠭᠵᠢᠨ᠂ ᠮᠠᠯᠴᠢᠨ ᠲᠠᠷᠢᠶᠠᠴᠢᠳ᠎ᠲᠤ ᠣᠷᠣᠯᠭ᠎ᠠ᠎ᠪᠠᠨ ᠨᠡᠮᠡᠭᠳᠡᠭᠦᠯᠬᠦ ᠨᠠᠩ ᠣᠯᠠᠨ ᠠᠷᠭ᠎ᠠ ᠵᠠᠮ᠎ᠢ ᠨᠡᠭᠡᠭᠡᠵᠡᠢ᠃
ᠴᠡᠪᠡᠷ ᠠᠰᠢᠭ᠋ ᠬᠤᠪᠢᠶᠠᠬᠰᠠᠨ ᠨᠥᠬᠥᠪᠦᠷᠢ᠎ᠶᠢ ᠣᠨᠣᠪᠴᠢᠲᠠᠶᠰᠢᠭᠤᠳ ᠬᠦᠷᠭᠡᠵᠦ᠂ ᠲᠥᠷᠥ᠎ᠶᠢᠨ ᠪᠣᠳᠣᠯᠭ᠎ᠠ᠎ᠶᠢᠨ ᠪᠣᠳᠠᠲᠠᠢ ᠠᠰᠢᠭ᠋ ᠲᠤᠰᠠ᠎ᠶᠢ ᠥᠨᠡᠨ ᠬᠥ᠌ ᠬᠥᠷᠳᠡᠭᠡᠪᠡ᠃ ᠡᠨᠡ ᠵᠢᠯ᠎ᠡᠴᠡ ᠨᠠᠭᠠᠰᠢ᠂ ᠲᠦᠩᠯᠢᠶᠤᠤ ᠬᠣᠲᠠ ᠮᠠᠯᠴᠢᠨ ᠲᠠᠷᠢᠶᠠᠴᠢᠨ᠎ᠤ ᠠᠰᠢᠭ᠋ ᠣᠷᠣᠯᠭ᠎ᠠ ᠬᠤᠪᠢᠶᠠᠷᠢᠯᠠᠬᠤ ᠡᠷᠴᠢᠮ᠎ᠢ ᠴᠢᠩᠭᠠᠷᠠᠭᠤᠯᠵᠤ᠂ ᠬᠡᠷᠡᠯᠴᠢ ᠴᠡᠨᠡᠭ᠎ᠦᠨ ᠲᠥᠷᠥᠯ ᠵᠦᠢᠯ᠎ᠦᠨ ᠠᠰᠢᠭ᠋ ᠣᠷᠣᠯᠭ᠎ᠠ ᠶᠢ ᠨᠢᠭᠡᠨᠲᠡ 8500 ᠲᠦᠮᠡᠨ ᠲᠥᠭᠥᠷᠢᠭ ᠬᠤᠪᠢᠶᠠᠷᠢᠯᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 2100 ᠲᠦᠮᠡᠨ ᠲᠥᠭᠥᠷᠢᠭ ᠨᠡᠮᠡᠭᠳᠡᠵᠠᠢ; ᠣᠳᠤ ᠪᠤᠯᠳᠠᠯ᠎ᠠ ᠡᠯ᠎ᠡ ᠲᠥᠷᠥᠯ᠎ᠦᠨ ᠱᠠᠩᠨᠠᠯ ᠨᠥᠬᠥᠪᠦᠷᠢ᠎ᠶᠢᠨ ᠪᠡᠯᠡ ᠮᠥᠩᠭᠥ᠎ᠶᠢ 1.74 ᠳ᠋ᠦᠩᠰᠢᠭᠤᠷ ᠲᠥᠭᠥᠷᠢᠭ ᠲᠦᠭᠡᠭᠡᠵᠦ᠂ 8.7 ᠲᠦᠮᠡᠨ ᠣᠯᠠᠨ ᠲᠦᠮᠡᠨ᠎ᠳᠦ ᠠᠰᠢᠭ᠋ ᠬᠦᠷᠲᠡᠭᠡᠨ᠂ ᠬᠥᠮᠥᠨ ᠳᠤᠮᠳᠠᠴᠢ ᠪᠠᠷ 2003 ᠲᠥᠭᠥᠷᠢᠭ ᠨᠣᠭᠳᠠᠪᠠ᠃ ᠥᠩᠭᠡᠷᠡᠭᠰᠡᠨ ᠦ ᠬᠡᠰᠡᠭ ᠨᠥᠬᠥᠪᠦᠷᠢ ᠶᠢ ᠲᠦᠭᠡᠭᠡᠬᠦ ᠠᠵᠢᠯ ᠤᠳᠠᠭᠠᠰᠢᠷᠠᠵᠤ ᠪᠠᠢᠭᠰᠠᠨ ᠠᠰᠠᠭᠤᠳᠠᠯ᠎ᠳᠤ ᠴᠢᠭᠯᠡᠭᠦᠯᠦᠨ᠂ ᠲᠤᠰᠬᠠᠢᠯᠠᠨ ᠠᠵᠢᠯᠯᠠᠬᠤ ᠳᠤᠭᠤᠢᠯᠠᠩ ᠪᠠᠢᠭᠤᠯᠤᠨ ᠰᠢᠢᠳᠪᠦᠷᠢᠯᠡᠬᠦ᠎ᠶᠢ ᠠᠬᠢᠭᠤᠯᠵᠤ᠂ ᠣᠳᠣᠬᠠᠨ᠎ᠳᠤ ᠨᠢᠭᠡᠨᠲᠡ 2.06 ᠳ᠋ᠦᠩᠰᠢᠭᠤᠷ ᠲᠥᠭᠥᠷᠢᠭ᠎ᠦᠨ ᠰᠠᠯᠭᠠᠵᠤ ᠥᠭᠭᠦᠭᠡᠳᠦᠢ ᠪᠠᠢᠬᠰᠠᠨ ᠨᠥᠬᠥᠪᠦᠷᠢ᠎ᠶᠢ ᠪᠦᠬᠦᠨ᠎ᠢ ᠪᠣᠳᠠᠲᠠᠢᠵᠢᠭᠤᠯᠥᠨ᠂ ᠮᠠᠯᠴᠢᠨ ᠲᠠᠷᠢᠶᠠᠴᠢᠳ᠎ᠲᠤ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠴᠠᠭ ᠲᠤᠬᠠᠢ ᠳ᠋ᠤᠨᠢ ᠡᠳ᠋ᠯᠡᠭᠦᠯᠬᠦ᠎ᠶᠢ ᠦᠨᠡᠨ ᠬᠦ᠌ ᠪᠠᠲᠤᠯᠠᠵᠤ ᠪᠠᠢᠨ᠎ᠠ᠃
ᠣᠷᠣᠯᠭ᠎ᠠ᠎ᠪᠠᠨ ᠨᠡᠮᠡᠭᠳᠡᠭᠦᠯᠦᠭᠰᠡᠨ ᠦᠷ᠎ᠡ ᠪᠦᠲᠦᠭᠡᠯ ᠢ ᠪᠠᠲᠤᠳᠬᠠᠬᠤ᠎ᠶᠢᠨ ᠲᠥᠯᠥᠭᠡ᠂ ᠲᠤᠰ ᠬᠣᠲᠠ ᠬᠥᠳᠡᠯᠦᠩᠭᠦᠢ ᠬᠢᠨᠠᠨ ᠬᠡᠮᠵᠢᠬᠦ ᠲᠣᠭᠲᠠᠴᠠ ᠪᠠᠢᠭᠤᠯᠵᠤ᠂ ᠰᠠᠷ᠎ᠠ ᠪᠦᠷᠢ ᠶᠠᠳᠠᠭᠤ᠎ᠠᠴᠠ ᠠᠩᠭᠢᠵᠢᠷᠠᠭᠰᠠᠨ ᠡᠷᠦᠬᠡ᠂ ᠣᠷᠣᠯᠭ᠎ᠠ ᠪᠠᠭᠠᠲᠠᠢ ᠡᠷᠦᠬᠡ᠎ᠶᠢᠨ ᠣᠷᠣᠯᠭ᠎ᠠ᠎ᠶᠢᠨ ᠬᠤᠪᠢᠷᠠᠯᠲᠠ᠎ᠶᠢ ᠮᠥᠷᠳᠡᠵᠦ ᠡᠵᠡᠮᠰᠢᠨ᠂ ᠣᠷᠣᠯᠭ᠎ᠠ᠎ᠶᠢᠨ ᠨᠡᠮᠡᠭᠳᠡᠯ ᠤᠳᠠᠭᠠᠨ᠂ ᠳᠠᠬᠢᠨ ᠶᠠᠳᠠᠭᠤᠷᠠᠬᠤ ᠲᠦᠭᠰᠢᠭᠦᠷᠢ᠎ᠲᠠᠢ ᠡᠲᠡᠭᠡᠳ᠎ᠢ ᠣᠯᠵᠤ ᠮᠡᠳᠡᠪᠡᠯ ᠲᠡᠷᠡ ᠳᠠᠷᠤᠢ ᠳ᠋ᠤᠨᠢ ᠲᠤᠰᠬᠠᠢ ᠬᠠᠪᠰᠤᠷᠤᠨ ᠲᠡᠳᠬᠦᠬᠦ ᠲᠥᠰᠥᠯ ᠲᠣᠭᠲᠠᠭᠠᠵᠤ᠂ ᠠᠵᠢᠯ᠎ᠤᠨ ᠪᠠᠢᠷᠢ ᠲᠠᠨᠢᠯᠴᠠᠭᠤᠯᠬᠤ᠂ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ ᠬᠦᠷᠲᠡᠭᠡᠬᠦ᠂ ᠠᠵᠤ ᠦᠢᠯᠡᠰ᠎ᠢᠶᠡᠷ ᠲᠡᠳᠬᠦᠬᠦ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠲᠥᠷᠥ᠎ᠶᠢᠨ ᠪᠣᠳᠣᠯᠭ᠎ᠠ ᠵᠢ ᠨᠠᠷᠢᠯᠢᠭ᠋ ᠣᠨᠣᠴᠠᠲᠠᠢ ᠬᠡᠷᠡᠭᠵᠢᠭᠦᠯᠥᠨ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢᠨ ᠲᠣᠭᠲᠠᠭᠤᠨ᠎ᠢᠶᠠᠷ ᠨᠡᠮᠡᠭᠳᠡᠬᠦ᠎ᠶᠢ ᠥᠨᠡᠨᠬᠦ ᠪᠠᠳᠤᠯᠠᠭᠰᠠᠨ ᠪᠠᠢᠨ᠎ᠠ᠃