ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠵᠦ᠍ ᠢᠳᠡᠭᠡᠨ ᠤ᠋ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠵᠢ ᠴᠢᠩᠭᠠᠳᠭᠠᠵᠤ ᠪᠤᠢ
2025-12-02 11:00:37
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠢᠳᠡᠭᠡᠨ ᠤᠮᠳᠠᠭᠠᠨ ᠤ᠋ ᠭᠣᠭ᠍ᠴᠣᠭ᠎ᠠ ᠶ᠋ᠢᠨ ᠢᠳᠡᠭᠡᠨ ᠤ᠋ ᠠᠮᠤᠷ ᠲᠦᠪᠱᠢᠨ ᠢ᠋ ᠦᠨᠡᠨ ᠬᠦ᠌ ᠪᠠᠲᠤᠯᠠᠵᠤ᠂ ᠠᠮᠤᠷ ᠲᠦᠪᠱᠢᠨ ᠪᠥᠭᠡᠳ ᠰᠠᠨᠠᠭ᠎ᠠ ᠠᠮᠤᠷ ᠬᠡᠷᠡᠭ᠌ᠯᠡᠭᠡ᠎ᠵᠢᠨ ᠣᠷᠴᠢᠨ ᠲᠣᠭᠣᠷᠢᠨ ᠢ᠋ ᠪᠣᠶ ᠪᠣᠯᠭᠠᠬᠤ ᠶ᠋ᠢᠨ ᠲᠦᠯᠦᠭᠡ ᠣᠢᠷ᠎ᠠ ᠳ᠋ᠤ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠱᠢᠨ᠎ᠡ ᠬᠣᠲᠠ ᠲᠣᠭᠣᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠭᠤᠤᠯᠳᠠᠯᠭ᠎ᠠ ᠲᠠᠢ ᠢᠳᠡᠭᠡᠨ ᠤᠮᠳᠠᠭᠠᠨ ᠤ᠋ ᠨᠢᠭᠡᠴᠢ ᠳ᠋ᠤ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ᠌ ᠢᠳᠡᠭᠡᠨ ᠤ᠋ ᠠᠮᠤᠷ ᠲᠦᠪᠱᠢᠨ ᠤ᠋ ᠪᠠᠢᠴᠠᠭᠠᠯᠲᠠ ᠵᠢ ᠥᠷᠨᠢᠭᠦᠯᠵᠦ᠍᠂ ᠢᠳᠡᠭᠡᠨ ᠤ᠋ ᠠᠮᠤᠷ ᠲᠦᠪᠱᠢᠨ ᠤ᠋ ᠪᠣᠭᠣᠮᠲᠠ ᠵᠢ ᠴᠢᠩᠭ᠎ᠠ ᠠᠳᠭᠤᠪᠠ᠃

ᠲᠣᠰ ᠤᠳᠠᠭᠠᠨ ᠤ᠋ ᠪᠠᠢᠴᠠᠭᠠᠯᠲᠠ ᠳ᠋ᠤ 《ᠥᠪᠡᠷᠲᠡᠭᠡᠨ ᠵᠠᠰᠠᠬᠤ ᠣᠷᠣᠨ ᠤ᠋ ᠲᠣᠪᠴᠢᠶ᠎ᠠ ᠶ᠋ᠢᠨ ᠵᠢᠯᠣᠭᠣᠳᠣᠯᠭ᠎ᠠ + ᠬᠣᠲᠠ ᠶ᠋ᠢᠨ ᠲᠣᠪᠴᠢᠶ᠎ᠠ ᠶ᠋ᠢᠨ ᠨᠢᠭᠡᠳᠦᠯᠲᠡᠶ ᠲᠥᠯᠥᠪᠵᠢᠭᠦᠯᠭᠡ + ᠬᠠᠷᠢᠶ᠎ᠠ ᠣᠷᠣᠨ ᠤ᠋ ᠬᠠᠮᠵᠢᠯᠴᠠᠭ᠎ᠠ》 ᠶ᠋ᠢᠨ ᠭᠤᠷᠪᠠᠨ ᠱᠠᠲᠤ ᠬᠣᠯᠪᠣᠭᠠᠯᠠᠨ ᠬᠥᠳᠡᠯᠦᠯᠴᠡᠬᠦ᠌ ᠵᠠᠭ᠍ᠪᠤᠷ ᠢ᠋ ᠬᠡᠷᠡᠭ᠌ᠯᠡᠵᠦ᠍᠂ ᠲᠤᠬᠠᠢᠯᠠᠭ᠍ᠰᠠᠨ ᠠᠵᠢᠯ ᠤ᠋ᠨ ᠭᠤᠤᠯᠯᠠᠭ᠍ᠴᠢ ᠬᠦᠴᠦᠨ ᠢ᠋ᠶ᠋ᠡᠷ ᠪᠠᠢᠴᠠᠭᠠᠬᠤ ᠳᠤᠭᠤᠢᠯᠠᠩ ᠪᠦᠷᠢᠯᠳᠦᠭᠦᠯᠵᠦ᠍᠂ ᠭᠤᠤᠯᠳᠠᠯᠭ᠎ᠠ ᠲᠠᠢ ᠲᠠᠯᠠᠪᠤᠷ ᠭᠠᠵᠠᠷ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠢᠳᠡᠭᠡᠨ ᠤ᠋ ᠲᠦᠭᠦᠬᠡᠶ ᠮᠠᠲ᠋ᠧᠷᠢᠶᠠᠯ ᠢ᠋ ᠬᠤᠳᠠᠯᠳᠤᠨ ᠠᠪᠬᠤ᠂ ᠡᠳ᠋ᠱᠢᠭᠦᠯᠦᠨ ᠪᠣᠯᠪᠠᠰᠤᠷᠠᠭᠤᠯᠬᠤ ᠵᠢᠷᠤᠮᠵᠢᠯ᠂ ᠬᠣᠭᠣᠯᠠᠨ ᠤ᠋ ᠰᠠᠪᠠ ᠬᠡᠷᠡᠭ᠌ᠰᠡᠯ ᠢ᠋ ᠤᠬᠢᠶᠠᠵᠤ ᠠᠷᠢᠭᠤᠳᠭᠠᠬᠤ᠂ ᠠᠵᠢᠯ ᠡᠷᠭᠢᠯᠡᠭ᠌ᠰᠡᠳ ᠤ᠋ᠨ ᠡᠷᠡᠭᠦᠯ ᠮᠡᠨᠳᠦ᠍ ᠶ᠋ᠢᠨ ᠬᠠᠮᠢᠶᠠᠷᠤᠯᠲᠠ ᠵᠡᠷᠭᠡ ᠵᠠᠩᠭᠢᠯᠠᠭ᠎ᠠ ᠶ᠋ᠢᠨ ᠭᠣᠭ᠍ᠴᠣᠭ᠎ᠠ ᠶ᠋ᠢᠨ ᠲᠣᠭᠣᠷᠢᠨ ᠳ᠋ᠤ ᠪᠥᠬᠥ᠌ ᠲᠠᠯ᠎ᠠ ᠪᠡᠷ ᠵᠢᠭ᠍ᠰᠠᠭᠠᠨ ᠪᠠᠢᠴᠠᠭᠠᠬᠤ ᠠᠵᠢᠯ ᠢ᠋ ᠥᠷᠨᠢᠭᠦᠯᠪᠡ᠃

ᠪᠠᠢᠴᠠᠭᠠᠬᠤ ᠶᠠᠪᠤᠴᠠ ᠳ᠋ᠤ᠂ ᠬᠠᠤᠯᠢ ᠬᠡᠷᠡᠭ᠌ᠵᠢᠭᠦᠯᠬᠦ᠌ ᠠᠵᠢᠯᠲᠠᠨ ᠢᠳᠡᠭᠡᠨ ᠤᠮᠳᠠᠭᠠᠨ ᠤ᠋ ᠨᠢᠭᠡᠴᠢ ᠶ᠋ᠢᠨ ᠲᠣᠭᠣᠭᠠᠨ ᠬᠡᠷ ᠤ᠋ᠨ ᠣᠷᠴᠢᠨ ᠲᠣᠭᠣᠷᠢᠨ᠂ ᠢᠳᠡᠭᠡᠨ ᠬᠠᠳᠠᠭᠠᠯᠠᠬᠤ ᠨᠥᠬᠥᠴᠡᠯ᠂ ᠪᠠᠷᠠᠭ᠎ᠠ ᠣᠷᠣᠭᠤᠯᠬᠤ ᠳ᠋ᠠᠭᠠᠨ ᠪᠠᠢᠴᠠᠭᠠᠨ ᠱᠢᠯᠭᠠᠭ᠍ᠰᠠᠨ ᠲᠡᠮᠳᠡᠭ᠌ᠯᠡᠯ ᠵᠡᠷᠭᠡ ᠳ᠋ᠤ ᠨᠠᠷᠢᠨ ᠪᠠᠢᠴᠠᠭᠠᠯᠲᠠ ᠬᠢᠵᠦ᠍᠂ ᠪᠠᠢᠴᠠᠭᠠᠯᠲᠠ ᠳ᠋ᠤ ᠢᠯᠡᠷᠡᠭᠦᠯᠦᠭᠰᠡᠨ ᠢᠳᠡᠭᠡᠨ ᠤ᠋ ᠥᠯᠢᠭᠡᠷ ᠶᠠᠩᠵᠤ ᠦᠯᠡᠳᠡᠭᠡᠭᠰᠡᠨ ᠨᠢ ᠵᠢᠷᠤᠮᠵᠢᠯ ᠥᠬᠡᠶ᠂ ᠬᠥᠮᠥᠷᠭᠡ ᠳ᠋ᠤ ᠢᠳᠡᠭᠡᠨ ᠬᠠᠳᠠᠭᠠᠯᠠᠭ᠍ᠰᠠᠨ ᠨᠢ ᠵᠢᠷᠤᠮᠵᠢᠯ ᠥᠬᠡᠶ ᠵᠡᠷᠭᠡ ᠠᠰᠠᠭᠤᠳᠠᠯ ᠳ᠋ᠤ ᠴᠢᠭ᠌ᠯᠡᠭᠦᠯᠦᠨ᠂ ᠲᠤᠬᠠᠶ ᠶ᠋ᠢᠨ ᠲᠠᠯᠠᠪᠠᠶ ᠳ᠋ᠤ ᠵᠢᠯᠣᠭᠣᠳᠤᠨ ᠴᠡᠭ᠌ᠴᠡᠯᠡᠨ ᠰᠠᠢᠵᠢᠷᠠᠭᠤᠯᠪᠠ᠃ ᠡᠭᠦᠨ ᠤ᠋ ᠬᠠᠮᠳᠤ 《ᠬᠠᠤᠯᠢ ᠬᠡᠷᠡᠭ᠌ᠵᠢᠭᠦᠯᠬᠦ᠌ + ᠬᠠᠤᠯᠢ ᠲᠦᠭᠡᠮᠡᠯᠵᠢᠭᠦᠯᠬᠦ᠌》 ᠵᠢ ᠬᠠᠮᠳᠤ ᠎ᠳᠤᠨᠢ ᠦᠷᠨᠢᠬᠦᠯᠵᠤ᠂ ᠬᠣᠭᠣᠯᠠ ᠤᠮᠳᠠᠭᠠᠨ ᠤ᠋ ᠨᠢᠭᠡᠴᠢ ᠶ᠋ᠢᠨ ᠬᠠᠷᠢᠭᠤᠴᠠᠯᠭᠠᠲᠠᠨ ᠬᠢᠭᠡᠳ ᠠᠵᠢᠯᠯᠠᠭ᠍ᠰᠠᠳ᠎ᠲᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠳᠡᠭᠡᠨ ᠤ᠋ ᠠᠮᠤᠷ ᠲᠦᠪᠰᠢᠨ ᠤ᠋ ᠬᠠᠤᠯᠢ》᠂ 《ᠬᠣᠭᠣᠯᠠ ᠤᠮᠳᠠᠭᠠᠨ ᠤ᠋ ᠦᠢᠯᠡᠴᠢᠯᠡᠭᠡᠨ ᠤ᠋ ᠨᠡᠢᠳᠡᠮ ᠬᠡᠷᠡᠭ᠌ᠯᠡᠬᠦ᠌ ᠡᠷᠡᠭᠦᠯ ᠬᠠᠮᠠᠭᠠᠯᠠᠯ ᠤ᠋ᠨ ᠵᠢᠷᠤᠮᠵᠢᠯ》 ᠵᠡᠷᠭᠡ ᠬᠠᠤᠯᠢ ᠴᠠᠭᠠᠵᠠ ᠲᠦᠷᠢᠮ ᠲᠤᠬᠳᠠᠭᠠᠯ ᠤ᠋ᠨ ᠮᠡᠳᠡᠯᠭᠡ ᠵᠢ ᠤᠬᠠᠭᠤᠯᠪᠠ᠃

ᠤᠢᠯᠠᠭᠠᠬᠰᠠᠨ ᠢ᠋ᠶ᠋ᠡᠷ᠂ ᠲᠠᠷᠠᠭᠠᠴᠢ ᠪᠡᠷ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ᠌ ᠲᠣᠭ᠍ᠲᠠᠴᠠ ᠵᠢ ᠦᠷᠭᠦᠯᠵᠢᠯᠡᠨ ᠭᠦᠨᠵᠡᠭᠡᠢᠷᠡᠭᠦᠯᠵᠦ᠍᠂ 《ᠡᠷᠬᠢᠨ ᠬᠠᠷᠠᠬᠤ》 ᠪᠠᠢᠴᠠᠭᠠᠯᠲᠠ ᠵᠢ ᠲᠣᠭ᠍ᠲᠠᠮᠠᠯ ᠬᠤᠭᠤᠴᠠᠭ᠎ᠠ ᠲᠠᠢ ᠥᠷᠨᠢᠭᠦᠯᠵᠦ᠍᠂ ᠴᠡᠭ᠌ᠴᠡᠯᠡᠨ ᠵᠠᠰᠠᠭ᠍ᠰᠠᠨ ᠦᠷ᠎ᠡ ᠪᠦᠲᠦᠮᠵᠢ ᠵᠢ ᠪᠡᠬᠢᠵᠢᠭᠦᠯᠬᠦ ᠪᠤᠯᠤᠨ᠎ᠠ᠃ ᠡᠭᠦᠨ ᠤ᠋ ᠬᠠᠮᠲᠤ᠂ 12315 ᠵᠠᠭᠠᠯᠳᠤᠵᠤ ᠢᠯᠡᠴᠢᠯᠡᠨ ᠮᠡᠳᠡᠭᠦᠯᠬᠦ᠌ ᠠᠷᠭ᠎ᠠ ᠵᠠᠮ ᠢ᠋ ᠱᠢᠯᠤᠭᠤᠳᠭᠠᠵᠤ᠂ ᠨᠡᠢᠭᠡᠮ ᠤ᠋ᠨ ᠡᠯ᠎ᠡ ᠡᠲᠡᠭᠡᠳ ᠤ᠋ᠨ ᠬᠢᠨ ᠤ᠋ ᠬᠢᠨᠠᠯᠲᠠ ᠲᠠᠯᠪᠢᠬᠤ ᠳ᠋ᠤ ᠣᠷᠣᠯᠴᠠᠬᠤ ᠵᠢ ᠵᠣᠷᠢᠭ᠍ᠵᠢᠭᠤᠯᠤᠨ᠂ 《ᠵᠠᠰᠠᠭ ᠤ᠋ᠨ ᠣᠷᠳᠣᠨ ᠢ᠋ᠶ᠋ᠡᠷ ᠭᠤᠤᠯᠯᠠᠭᠤᠯᠬᠤ᠂ ᠠᠵᠤ ᠠᠬᠤᠢᠯᠠᠯ ᠭᠤᠤᠯ ᠬᠠᠷᠢᠭᠤᠴᠠᠯᠭ᠎ᠠ ᠡᠭᠦᠷᠭᠡᠯᠡᠬᠦ᠌᠂ ᠣᠯᠠᠨ ᠨᠡᠢᠲᠡ ᠪᠡᠷ ᠢ᠋ᠶ᠋ᠡᠨ ᠣᠷᠣᠯᠴᠠᠬᠤ》 ᠢᠳᠡᠭᠡᠨ ᠤ᠋ ᠠᠮᠤᠷ ᠲᠦᠪᠱᠢᠨ ᠤ᠋ ᠬᠠᠮᠲᠤ ᠪᠠᠷ ᠵᠠᠰᠠᠬᠤ ᠪᠠᠢᠷᠢᠱᠢᠯ ᠢ᠋ ᠪᠣᠶ ᠪᠣᠯᠭᠠᠵᠤ᠂ ᠠᠷᠠᠳ ᠣᠯᠠᠨ ᠤ᠋ ᠢᠳᠡᠭᠡᠨ ᠤᠮᠳᠠᠭᠠᠨ ᠤ᠋ ᠠᠮᠤᠷ ᠲᠦᠪᠱᠢᠨ ᠢ᠋ ᠦᠨᠡᠨ ᠬᠦ᠌ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号