ᠤᠶᠠᠨ ᠴᠢᠨᠠᠷᠳᠠᠢ ᠬᠠᠤᠯᠢ ᠬᠡᠷᠡᠭ᠌ᠵᠢᠭᠦᠯᠦᠯᠲᠡ ᠤᠯᠠᠨ᠎ᠤ ᠰᠡᠳᠭᠢᠯ᠎ᠢ ᠳᠤᠯᠠᠭᠠᠴᠠᠭᠤᠯᠤᠨ᠎ᠠ
2025-12-02 15:25:36
ᠵᠣᠬᠢᠶᠠᠭ᠍ᠴᠢ᠄
ᠭᠡᠷᠡᠯᠲᠦ ᠱᠢᠤᠢ ᠬᠠᠢ ᠷᠦ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 23᠎ᠤ ᠡᠳᠦᠷ᠂ ᠣᠲᠣᠭ᠎ᠤᠨ ᠡᠮᠦᠨᠡᠲᠦ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠣᠨ᠎ᠤ ᠮᠡᠳᠡᠭᠦᠯᠦᠯᠲᠡ᠎ᠶ᠋ᠢ ᠬᠢᠨᠠᠨ ᠪᠠᠢᠴᠠᠭᠠᠬᠤ ᠠᠵᠢᠯ ᠥᠷᠨᠢᠭᠦᠯᠬᠦ᠌ ᠳ᠋ᠡᠬᠡᠨ᠂ ᠨᠢᠭᠡᠨ ᠬᠤᠪᠢ᠎ᠶ᠋ᠢᠨ ᠡᠵᠡᠩᠨᠡᠯᠲᠡ᠎ᠶ᠋ᠢᠨ ᠡᠷᠦᠬᠡ ᠣᠨ᠎ᠤ ᠮᠡᠳᠡᠭᠦᠯᠦᠯᠲᠡ ᠪᠠᠨ ᠲᠣᠭ᠍ᠲᠠᠭᠠᠯ ᠶᠣᠰᠣᠭᠠᠷ ᠮᠡᠳᠡᠭᠦᠯᠦᠨ ᠬᠦᠷᠭᠡᠭ᠌ᠰᠡᠨ ᠥᠬᠡᠶ ᠦᠶ᠋ᠯᠡ ᠠᠵᠢᠯᠯᠠᠭ᠎ᠠ᠎ᠶ᠋ᠢ ᠣᠯᠵᠤ ᠢᠯᠡᠷᠡᠬᠦᠯᠪᠡ᠃ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠳᠡᠩᠰᠡᠯᠡᠨ ᠬᠠᠮᠢᠶᠠᠷᠬᠤ ᠲᠦᠷᠢᠮ᠎ᠦᠨ ᠬᠡᠷᠡᠭ᠌ᠵᠢᠭᠦᠯᠤᠯᠳᠡ ᠵᠢᠨ ᠨᠠᠷᠢᠨ ᠲᠦᠷᠢᠮ》᠎ᠤᠨ ᠬᠠᠮᠢᠶ᠎ᠠ ᠪᠥᠬᠥᠶ ᠲᠣᠭ᠍ᠲᠠᠭᠠᠯ᠎ᠢ ᠦᠨᠳᠦᠰᠦᠯᠡᠪᠡᠯ᠂ ᠲᠣᠰ ᠡᠵᠡᠩᠨᠡᠯᠲᠡ᠎ᠶ᠋ᠢᠨ ᠡᠷᠦᠬᠡ᠎ᠶ᠋ᠢᠨ ᠦᠶ᠋ᠯᠡ ᠠᠵᠢᠯᠯᠠᠭ᠎ᠠ ᠨᠢᠭᠡᠨᠲᠡ ᠬᠠᠤᠯᠢ᠎ᠠᠴᠠ ᠵᠥᠷᠢᠴᠡᠵᠥ᠂ ᠬᠠᠤᠯᠢ ᠶᠣᠰᠣᠭᠠᠷ ᠵᠠᠰᠠᠭ ᠵᠠᠬᠢᠷᠭᠠᠨ᠎ᠤ ᠱᠢᠢᠳᠭᠡᠯ ᠥᠭ᠌ᠭᠦᠨ᠎ᠡ᠃ ᠭᠡᠪᠡᠴᠤ᠂ ᠬᠠᠤᠯᠢ ᠬᠡᠷᠡᠭ᠌ᠵᠢᠭᠦᠯᠬᠦ᠌ ᠠᠵᠢᠯᠲᠠᠨ ᠳᠤᠰ ᠡᠵᠡᠩᠨᠡᠯᠲᠡ᠎ᠶ᠋ᠢᠨ ᠡᠷᠦᠬᠡ᠎ᠲᠡᠶ ᠬᠠᠷᠢᠯᠴᠠᠬᠤ᠎ᠳᠠᠭᠠᠨ᠂ ᠲᠣᠰ ᠡᠵᠡᠩᠨᠡᠯᠲᠡ᠎ᠶ᠋ᠢᠨ ᠡᠷᠦᠬᠡ᠎ᠶ᠋ᠢᠨ ᠬᠡᠷ ᠪᠦᠯᠢ᠎ᠶ᠋ᠢᠨ ᠪᠠᠢᠳᠠᠯ ᠣᠨᠴᠠᠭᠠᠶ᠂ ᠦᠷ᠎ᠡ ᠬᠡᠦᠬᠡᠳ᠎ᠦᠨ ᠬᠢᠨᠢ ᠨᠢᠳᠦ ᠨᠢ ᠬᠦᠨᠳᠦ ᠵᠡᠮᠳᠡᠭ᠂ ᠡᠵᠢ ᠨᠢ ᠤᠳᠠᠭᠠᠨ ᠵᠢᠯ ᠡᠪᠡᠳᠴᠢᠯᠡᠵᠥ᠂ ᠠᠮᠢᠳᠤᠷᠠᠯ ᠨᠢ ᠮᠠᠰᠢ ᠬᠦᠴᠢᠷᠳᠡᠯᠲᠡᠶ᠃ ᠣᠯᠠᠨ ᠵᠢᠯ᠎ᠦᠨ ᠲᠤᠷᠰᠢ᠂ ᠡᠵᠡᠩᠨᠡᠯᠲᠡ᠎ᠶ᠋ᠢᠨ ᠡᠷᠦᠬᠡ ᠵᠢᠨ ᠡᠷ᠎ᠡ ᠡᠮ᠎ᠡ ᠬᠣᠶᠠᠭᠤᠯᠠ ᠨᠢᠭᠡ ᠲᠠᠯ᠎ᠠ᠎ᠪᠠᠷ ᠵᠢᠵᠢᠭ ᠮᠠᠢᠮᠠᠶ ᠬᠢᠵᠦ᠍᠂ ᠨᠥᠭᠥᠭᠡ ᠲᠠᠯ᠎ᠠ᠎ᠪᠠᠷ ᠵᠡᠮᠳᠡᠭ ᠦᠷ᠎ᠡ᠂ ᠡᠪᠡᠳᠴᠢᠳᠠᠨ ᠲᠠᠢ ᠡᠵᠢ᠎ᠪᠡᠨ ᠬᠠᠷᠠᠭᠠᠯᠵᠠᠵᠤ᠂ ᠠᠵᠤ ᠠᠮᠢᠳᠤᠷᠠᠯ ᠪᠠ ᠣᠶᠤᠨ ᠰᠠᠨᠠᠭᠠᠨ᠎ᠤ ᠳᠠᠷᠤᠯᠲᠠ ᠡᠴᠡ ᠪᠠᠨ ᠪᠣᠯᠵᠣ ᠤᠨ ᠤ᠋ ᠮᠡᠳᠡᠭᠦᠯᠦᠯᠲᠡ ᠪᠠᠨ ᠮᠡᠳᠡᠬᠦᠯᠬᠦ ᠡᠨᠡ ᠬᠦ᠌ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ᠎ᠪᠠᠨ ᠣᠮᠲᠣᠭᠠᠢᠯᠠᠴᠢᠬᠠᠭ᠍ᠰᠠᠨ ᠪᠠᠢᠬᠤ ᠵᠢ ᠤᠯᠵᠤ ᠮᠡᠳᠡᠵᠡᠢ᠃ ᠦᠶ᠋ᠯᠡ ᠠᠵᠢᠯᠯᠠᠭ᠎ᠠ᠎ᠨᠢ ᠬᠠᠮᠢᠶ᠎ᠠ ᠪᠥᠬᠥᠶ ᠲᠣᠭ᠍ᠲᠠᠭᠠᠯ᠎ᠢ ᠵᠥᠷᠢᠴᠡᠭ᠌ᠰᠡᠨ᠎ᠢ ᠮᠡᠳᠡᠭ᠌ᠰᠡᠨ᠎ᠦ ᠳᠠᠷᠠᠭ᠎ᠠ᠂ ᠡᠵᠡᠩᠨᠡᠯᠲᠡ᠎ᠶ᠋ᠢᠨ ᠡᠷᠦᠬᠡ ᠵᠢᠨ ᠡᠷ᠎ᠡ ᠡᠮ᠎ᠡ ᠬᠣᠶᠠᠭᠤᠯᠠ ᠬᠠᠷᠠᠮᠰᠠᠨ ᠭᠡᠮᠱᠢᠵᠦ᠍᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠳᠤ ᠪᠠᠢᠳᠠᠯ᠎ᠢᠶᠠᠨ ᠰᠠᠨᠠᠭᠠᠴᠢᠯᠠᠭ᠎ᠠ ᠡᠴᠡ᠎ᠪᠠᠨ ᠲᠣᠳᠣᠷᠬᠠᠢᠯᠠᠬᠤ᠎ᠶ᠋ᠢᠨ ᠬᠠᠮᠲᠤ᠂ ᠣᠨ᠎ᠤ ᠮᠡᠳᠡᠭᠦᠯᠦᠯᠲᠡ᠎ᠪᠡᠨ ᠳᠠᠷᠤᠢᠬᠠᠨ ᠨᠥᠬᠥᠨ ᠮᠡᠳᠡᠭᠦᠯᠵᠦ᠍᠂ ᠴᠡᠭ᠌ᠴᠡᠯᠡᠨ ᠰᠠᠢᠵᠢᠷᠠᠭᠤᠯᠬᠤ᠎ᠳᠤ ᠢᠳᠡᠪᠬᠢᠲᠡᠶ ᠬᠠᠮᠵᠢᠯᠴᠠᠪᠡ᠃

《ᠱᠢᠢᠳᠭᠡᠨ ᠲᠣᠷᠭᠠᠬᠤ ᠪᠠ ᠰᠤᠷᠭᠠᠨ ᠬᠥᠮᠦᠵᠢᠭᠦᠯᠬᠦ᠌᠎ᠶ᠋ᠢ ᠬᠠᠷᠢᠯᠴᠠᠨ ᠤᠶᠠᠯᠳᠤᠭᠤᠯᠵᠤ᠂ ᠱᠢᠢᠳᠭᠡᠨ ᠲᠣᠷᠭᠠᠬᠤ᠎ᠶ᠋ᠢ ᠬᠠᠷᠢᠯᠴᠠᠨ ᠵᠣᠬᠢᠴᠠᠭᠤᠯᠬᠤ》 ᠬᠠᠤᠯᠢ ᠬᠡᠷᠡᠭ᠌ᠵᠢᠭᠦᠯᠬᠦ᠌ ᠵᠠᠷᠴᠢᠮ᠎ᠢ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠡᠵᠡᠩᠨᠡᠯᠲᠡ᠎ᠶ᠋ᠢᠨ ᠡᠷᠦᠬᠡ᠎ᠶ᠋ᠢᠨ ᠳᠤᠷᠠᠳᠤᠭ᠍ᠰᠠᠨ ᠪᠠᠢᠳᠠᠯ ᠦᠨᠡᠨ ᠪᠣᠳᠠᠲᠠᠶ ᠪᠠᠢᠬᠤ᠎ᠶ᠋ᠢ ᠬᠢᠨᠠᠨ ᠬᠠᠷᠭᠤᠭᠤᠯᠵᠥ᠂ ᠲᠣᠰ ᠡᠵᠡᠩᠨᠡᠯᠲᠡ᠎ᠶ᠋ᠢᠨ ᠡᠷᠦᠬᠡ᠎ᠶ᠋ᠢᠨ ᠠᠵᠢᠯᠯᠠᠭ᠎ᠠ ᠨᠢ ᠬᠡᠳᠦᠢᠪᠡᠷ ᠬᠠᠤᠯᠢ ᠴᠠᠭᠠᠵᠠ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠪᠣᠯᠪᠠᠴᠤ ᠵᠣᠷᠢᠭᠤᠳᠠ ᠵᠢᠨ ᠪᠤᠰᠤ ᠪᠥᠭᠡᠳ ᠲᠡᠭᠦᠨ᠎ᠦ ᠬᠡᠷ ᠪᠦᠯᠢ ᠨᠢ ᠦᠨᠡᠬᠡᠷ ᠣᠨᠴᠠᠭᠠᠶ ᠬᠦᠴᠢᠷᠳᠡᠯ᠎ᠲᠡᠶ ᠪᠠᠢᠵᠤ᠂ ᠵᠠᠰᠠᠭ ᠵᠠᠬᠢᠷᠭᠠᠨ᠎ᠤ ᠱᠢᠢᠳᠭᠡᠯ ᠥᠭ᠌ᠬᠦ ᠥᠬᠡᠶ ᠬᠠᠤᠯᠢ᠎ᠪᠠᠷ ᠲᠣᠭ᠍ᠲᠠᠭᠠᠭ᠍ᠰᠠᠨ ᠪᠠᠢᠳᠠᠯ᠎ᠳᠤ ᠨᠡᠢᠴᠡᠵᠦ᠍ ᠪᠠᠢᠨ᠎ᠠ ᠬᠡᠵᠥ ᠦᠵᠡᠪᠡ᠃ ᠬᠠᠤᠯᠢ ᠬᠡᠷᠡᠭᠵᠢᠬᠦᠯᠦᠯᠳᠡ᠎ᠶ᠋ᠢᠨ ᠬᠠᠢᠷ᠎ᠠ ᠬᠠᠯᠠᠮᠵᠢ ᠵᠢ ᠢᠯᠡᠷᠡᠭᠦᠯᠬᠦ᠌᠎ᠶ᠋ᠢᠨ ᠲᠥᠯᠥᠭᠡ᠂ ᠶᠡᠷᠦᠩᠬᠡᠢᠯᠡᠨ ᠰᠤᠳᠤᠯᠤᠨ ᠮᠠᠭᠠᠳᠯᠠᠬᠤ᠎ᠪᠠᠷ ᠳᠡᠮᠵᠢᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠴᠦᠰ᠎ᠲᠡᠬᠡᠨ ᠵᠠᠰᠠᠭ ᠵᠠᠬᠢᠷᠭᠠᠨ᠎ᠤ ᠱᠢᠢᠳᠭᠡᠯ ᠥᠭ᠌ᠬᠦ ᠥᠬᠡᠶ ᠲᠣᠭ᠍ᠲᠠᠭᠠᠯ ᠭᠠᠷᠭᠠᠭ᠍ᠰᠠᠨ ᠪᠥᠭᠡᠳ ᠡᠵᠡᠩᠨᠡᠯᠲᠡ᠎ᠶ᠋ᠢᠨ ᠡᠷᠦᠬᠡ᠎ᠳᠦ 《ᠵᠠᠰᠠᠭ ᠵᠠᠬᠢᠷᠭᠠᠨ᠎ᠤ  ᠱᠢᠢᠳᠭᠡᠯ ᠥᠭ᠌ᠬᠦ ᠥᠬᠡᠶ ᠲᠣᠭ᠍ᠲᠠᠭᠠᠯ᠎ᠤᠨ ᠪᠢᠴᠢᠭ》 ᠎ᠢ ᠬᠦᠷᠭᠡᠭ᠌ᠰᠡᠨ ᠪᠠᠢᠨ᠎ᠠ᠃

《ᠲᠠ᠎ᠨᠠᠷ᠎ᠲᠠᠭᠠᠨ ᠮᠠᠰᠢ ᠲᠠᠯᠠᠷᠬᠠᠵᠤ ᠪᠠᠢᠨ᠎ᠠ᠂ ᠲᠠ᠎ᠨᠠᠷ ᠪᠢᠳᠡᠨ᠎ᠢ ᠳᠤᠷᠭᠠᠭᠰᠠᠨ ᠦᠭᠡᠢ ᠮᠥᠷᠲᠡᠭᠡᠨ ᠪᠠᠰᠠ ᠬᠠᠯᠠᠱᠢᠷᠠᠯ ᠦᠭᠡᠢ ᠵᠢᠯᠣᠭᠣᠳᠴᠤ᠌ ᠣᠨ᠎ᠤ ᠮᠡᠳᠡᠭᠦᠯᠦᠯᠲᠡ᠎ᠵᠢ ᠨᠥᠬᠥᠪᠥᠷᠢᠯᠡᠨ ᠮᠡᠳᠡᠭᠦᠯᠵᠦ᠍᠂ ᠪᠢᠳᠡᠨ᠎ᠳᠦ ᠬᠠᠤᠯᠢ ᠬᠡᠷᠡᠭ᠌ᠵᠢᠭᠦᠯᠤᠯᠳᠠ ᠵᠢᠨ ᠬᠠᠢᠷ᠎ᠠ ᠬᠠᠯᠠᠮᠵᠢ ᠵᠢ ᠮᠡᠳᠡᠷᠡᠭᠦᠯᠪᠡ !》 ᠭᠡᠵᠦ᠍ ᠲᠣᠭ᠍ᠲᠠᠭᠠᠯ᠎ᠤᠨ ᠪᠢᠴᠢᠭ᠎ᠢ ᠭᠠᠷᠳᠠᠬᠰᠠᠨ ᠡᠷ᠎ᠡ ᠡᠮ᠎ᠡ ᠬᠣᠶᠠᠭᠤᠯᠠ ᠰᠡᠳᠭᠢᠯ ᠳᠣᠭ᠍ᠳᠣᠯᠤᠨ ᠬᠡᠯᠡᠵᠡᠶ᠃ ᠡᠵᠡᠩᠨᠡᠯᠲᠡ᠎ᠶ᠋ᠢᠨ ᠡᠷᠦᠬᠡ᠎ᠶ᠋ᠢᠨ ᠲᠠᠷᠠᠭᠠᠴᠢ ᠪᠡᠷ ᠡᠢᠮᠦᠷᠬᠦᠦ ᠪᠠᠢᠳᠠᠯ ᠳᠠᠬᠢᠨ ᠭᠠᠷᠬᠤ ᠡᠴᠡ ᠵᠠᠢᠯᠠᠰᠭᠢᠬᠦ᠌᠎ᠶ᠋ᠢᠨ ᠲᠥᠯᠥᠭᠡ᠂ ᠬᠠᠤᠯᠢ ᠬᠡᠷᠡᠭ᠌ᠵᠢᠭᠦᠯᠬᠦ᠌ ᠠᠵᠢᠯᠲᠠᠳ ᠲᠤᠬᠠᠶ᠎ᠶ᠋ᠢᠨ ᠲᠠᠯᠠᠪᠠᠶ᠎ᠳᠤ ᠣᠨ᠎ᠤ ᠮᠡᠳᠡᠭᠦᠯᠦᠯᠲᠡ᠎ᠶ᠋ᠢ ᠨᠥᠬᠥᠨ ᠮᠡᠳᠡᠭᠦᠯᠬᠦ᠌ ᠠᠵᠢᠯ᠎ᠢ ᠭᠠᠷᠳᠠᠵᠤ ᠪᠡᠶᠡᠯᠡᠭᠦᠯᠦᠭ᠌ᠰᠡᠨ ᠪᠥᠭᠡᠳ ᠣᠨ᠎ᠤ ᠮᠡᠳᠡᠭᠦᠯᠦᠯᠲᠡ᠎ᠶ᠋ᠢ ᠵᠠᠷᠯᠠᠨ ᠨᠡᠢᠲᠡᠯᠡᠬᠦ᠌ ᠴᠠᠭ᠂ ᠠᠵᠢᠯᠯᠠᠬᠤ ᠶᠠᠪᠤᠴᠠ ᠵᠢᠴᠢ ᠬᠠᠮᠢᠶ᠎ᠠ ᠪᠥᠬᠥᠶ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠨᠠᠷᠢᠨ ᠲᠠᠢᠯᠪᠤᠷᠢᠯᠠᠵᠤ᠂ ᠬᠣᠢᠱᠢᠳᠠ ᠡᠷᠬᠡᠪᠰᠢ ᠬᠠᠤᠯᠢ᠎ᠳᠤ ᠲᠣᠭ᠍ᠲᠠᠭᠠᠭ᠍ᠰᠠᠨ ᠡᠭᠦᠷᠭᠡ᠎ᠪᠡᠨ ᠴᠠᠭ ᠲᠤᠬᠠᠶ᠎ᠳᠤᠨᠢ ᠭᠦᠶ᠋ᠴᠡᠳᠭᠡᠬᠦ᠌ ᠬᠡᠷᠡᠭ᠌ᠲᠡᠶ ᠭᠡᠵᠦ᠍ ᠰᠠᠨᠠᠭᠤᠯᠵᠠᠶ᠃

ᠲᠣᠰ ᠤᠳᠠᠭᠠᠨ᠎ᠤ ᠤᠶᠠᠨ ᠴᠢᠨᠠᠷᠲᠠᠶ ᠬᠠᠤᠯᠢ ᠬᠡᠷᠡᠭ᠌ᠵᠢᠭᠦᠯᠦᠯᠲᠡ ᠪᠣᠯ ᠣᠲᠣᠭ᠎ᠤᠨ ᠡᠮᠦᠨᠡᠲᠦ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ 《ᠬᠥᠮᠦᠨ᠎ᠢᠶᠡᠷ ᠦᠨᠳᠦᠰᠦ ᠪᠣᠯᠭᠠᠬᠤ》 ᠬᠠᠤᠯᠢ ᠬᠡᠷᠡᠭ᠌ᠵᠢᠭᠦᠯᠬᠦ᠌ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠦᠭ᠌ᠰᠡᠨ ᠠᠮᠢᠳᠤᠯᠢᠭ ᠦᠶ᠋ᠯᠡᠳᠦᠯᠭᠡ ᠪᠣᠯᠤᠨ᠎ᠠ᠃ ᠬᠠᠤᠯᠢ ᠴᠠᠭᠠᠵᠠ ᠪᠣᠯ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠬᠠᠮᠠᠭᠠᠯᠠᠬᠤ ᠬᠠᠲᠠᠭᠤ ᠬᠤᠷᠢᠭ᠎ᠠ ᠱᠤᠭᠤᠮ ᠮᠥᠨ᠂ ᠬᠥᠮᠦᠯᠢᠭ ᠬᠠᠯᠠᠮᠵᠢᠯᠠᠯ ᠪᠣᠯ ᠬᠠᠤᠯᠢ ᠬᠡᠷᠡᠭ᠌ᠵᠢᠭᠦᠯᠬᠦ᠌ ᠠᠵᠢᠯ᠎ᠤᠨ ᠤᠶᠠᠨ ᠬᠠᠳᠠᠨ ᠴᠢᠨᠠᠷ ᠮᠥᠨ᠃ ᠣᠢᠷ᠎ᠠ᠎ᠶ᠋ᠢᠨ ᠵᠢᠯ᠎ᠦᠳ᠎ᠲᠦ᠂ ᠲᠣᠰ ᠲᠣᠪᠴᠢᠶ᠎ᠠ ᠬᠠᠤᠯᠢ᠎ᠶ᠋ᠢ ᠴᠢᠩᠭ᠎ᠠ ᠬᠡᠷᠡᠭ᠌ᠵᠢᠭᠦᠯᠦᠭ᠌ᠰᠡᠨ ᠰᠠᠭᠤᠷᠢᠨ ᠳᠡᠭᠡᠷ᠎ᠡ ᠶᠣᠰᠣ ᠤᠴᠢᠷ᠎ᠢ ᠬᠠᠮᠲᠤ᠎ᠳᠤᠨᠢ ᠬᠠᠷᠠᠭᠠᠯᠵᠠᠬᠤ᠎ᠶ᠋ᠢ ᠴᠢᠬᠤᠯᠠᠴᠢᠯᠠᠵᠤ᠂ ᠬᠠᠤᠯᠢ᠎ᠳᠤ ᠲᠣᠭ᠍ᠲᠠᠭᠠᠭ᠍ᠰᠠᠨ ᠨᠥᠬᠥᠴᠡᠯ᠎ᠳᠦ ᠨᠡᠢᠴᠡᠬᠦ᠌ ᠣᠨᠴᠠᠭᠠᠶ ᠪᠠᠢᠳᠠᠯ᠎ᠳᠤ᠂ ᠲᠤᠬᠠᠶ᠎ᠶ᠋ᠢᠨ ᠬᠥᠮᠦᠨ᠎ᠦ ᠪᠡᠶᠡᠴᠢ ᠲᠠᠯ᠎ᠠ᠎ᠶ᠋ᠢᠨ ᠠᠯᠳᠠᠭ᠎ᠠ ᠪᠤᠷᠤᠭᠤ᠂ ᠬᠠᠤᠯᠢ᠎ᠶ᠋ᠢ ᠵᠥᠷᠢᠴᠡᠭ᠌ᠰᠡᠨ ᠦᠶ᠋ᠯᠡ ᠪᠠᠢᠳᠠᠯ᠂ ᠬᠤᠤᠷ ᠬᠥᠨᠥᠭᠡᠯ ᠤᠴᠠᠷᠠᠭᠤᠯᠤᠭ᠍ᠰᠠᠨ ᠦᠷ᠎ᠡ ᠳ᠋ᠦᠩ ᠵᠢᠴᠢ ᠬᠡᠷ ᠪᠦᠯᠢ᠎ᠶ᠋ᠢᠨ ᠪᠣᠳᠠᠲᠤ ᠪᠠᠢᠳᠠᠯ᠎ᠢ ᠶᠡᠷᠦᠩᠬᠡᠢᠯᠡᠨ ᠪᠣᠳᠣᠯᠬᠢᠯᠠᠵᠤ᠂ ᠱᠢᠢᠳᠭᠡᠬᠦ᠌ ᠥᠬᠡᠶ᠂ ᠬᠥᠩᠭᠡᠷᠡᠭᠦᠯᠦᠨ ᠱᠢᠢᠳᠭᠡᠬᠦ᠌ ᠵᠡᠷᠭᠡ ᠠᠷᠭ᠎ᠠ ᠬᠡᠮᠵᠢᠶ᠎ᠡ᠎ᠶ᠋ᠢ ᠠᠮᠢᠳᠤᠯᠢᠭ᠎ᠢᠶᠠᠷ ᠬᠡᠷᠡᠭ᠌ᠯᠡᠵᠦ᠍᠂ ᠬᠠᠤᠯᠢ ᠴᠠᠭᠠᠵᠠ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠭ᠍ᠰᠠᠨ ᠮᠥᠷᠲᠡᠭᠡᠨ ᠪᠠᠰᠠ ᠬᠠᠤᠯᠢ ᠬᠡᠷᠡᠭ᠌ᠵᠢᠭᠦᠯᠭᠦ ᠬᠠᠢᠷ᠎ᠠ ᠬᠠᠯᠠᠮᠵᠢ ᠵᠢ ᠳᠠᠮᠵᠢᠭᠤᠯᠵᠤ᠂ ᠬᠠᠤᠯᠢ ᠴᠠᠭᠠᠵᠠ᠎ᠶ᠋ᠢᠨ ᠦᠷ᠎ᠡ ᠪᠦᠲᠦᠮᠵᠢ ᠬᠢᠭᠡᠳ ᠨᠡᠢᠭᠡᠮ᠎ᠦᠨ ᠦᠷ᠎ᠡ ᠪᠦᠲᠦᠮᠵᠢ᠎ᠶ᠋ᠢᠨ ᠣᠷᠭᠠᠨᠢᠭ ᠨᠢᠭᠡᠳᠦᠯ᠎ᠢ ᠪᠡᠶᠡᠯᠡᠭᠦᠯᠪᠡ᠃

ᠲᠠᠷᠠᠭᠠᠴᠢ᠎ᠶ᠋ᠢᠨ ᠠᠯᠬᠤᠮ᠎ᠳᠤ᠂ ᠣᠲᠣᠭ᠎ᠤᠨ ᠡᠮᠦᠨᠡᠲᠦ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠬᠠᠲᠠᠭᠤ ᠴᠢᠨᠠᠷᠲᠠᠶ ᠬᠠᠤᠯᠢ ᠬᠡᠷᠡᠭ᠌ᠵᠢᠭᠦᠯᠦᠯᠲᠡ + ᠤᠶᠠᠨ ᠴᠢᠨᠠᠷᠲᠠᠶ ᠦᠶ᠋ᠯᠡᠴᠢᠯᠡᠭᠡ》 ᠶ᠋ᠢᠨ ᠠᠵᠢᠯ᠎ᠤᠨ ᠵᠠᠭ᠍ᠪᠤᠷ ᠎ᠢ ᠦᠷᠭᠦᠯᠵᠢᠯᠡᠨ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠬᠠᠤᠯᠢ ᠡᠴᠡ ᠵᠥᠷᠢᠴᠡᠭ᠌ᠰᠡᠨ ᠬᠦᠨᠳᠦ ᠨᠣᠴᠢᠲᠠᠶ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ᠎ᠶ᠋ᠢᠨ ᠬᠠᠮᠲᠤ᠂ ᠣᠨᠴᠠᠭᠠᠶ ᠡᠵᠡᠩᠨᠡᠯᠲᠡ᠎ᠶ᠋ᠢᠨ ᠡᠷᠦᠬᠡ᠎ᠶ᠋ᠢ ᠬᠠᠪᠰᠤᠷᠤᠨ ᠲᠡᠳᠬᠦᠵᠦ᠍ ᠵᠢᠯᠣᠭᠣᠳᠭᠤ ᠡᠷᠴᠢᠮ᠎ᠢᠶᠡᠨ ᠴᠢᠩᠭᠠᠷᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠬᠦ᠌᠂ ᠬᠡᠷ᠎ᠲᠦ ᠨᠢ ᠬᠦᠷᠴᠦ᠍ ᠦᠶ᠋ᠯᠡᠴᠢᠯᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠦᠷᠲᠡᠮᠵᠢ᠎ᠶ᠋ᠢᠨ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠠᠷᠢᠶ᠎ᠠ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠬᠦ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号