《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ 》 ᠳ᠋ᠤ ᠂ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ᠎ᠶ᠋ᠢᠨ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠡ ᠭᠡᠵᠦ᠍ ᠳᠤᠷᠠᠳᠴᠠᠢ᠃
ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ ᠪᠣᠯ ᠰᠢᠨ᠎ᠠ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠦᠨ ᠬᠠᠮᠤᠭ᠎ᠤᠨ ᠦᠨᠳᠦᠰᠦᠨ᠂ ᠬᠠᠮᠤᠭ᠎ᠤᠨ ᠲᠤᠯᠭᠠᠮ ᠬᠡᠷᠡᠭ᠌ᠴᠡᠭᠡ ᠮᠥᠨ᠃ ᠰᠦᠯᠵᠢᠶᠡᠨ ᠳᠡᠭᠡᠷᠡᠬᠢ ᠠᠵᠤ ᠠᠬᠤᠢ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠲᠦᠷᠭᠡᠨ ᠬᠥᠭ᠌ᠵᠢᠯᠲᠡ᠎ᠶ᠋ᠢ ᠳᠠᠭᠠᠯᠳᠤᠨ᠂ ᠨᠡᠩ ᠤᠯᠠᠨ ᠬᠥᠳᠡᠯᠮᠦᠷᠢᠴᠢᠳ ᠰᠦᠯᠵᠢᠶᠠᠨ ᠤ᠋ ᠲᠠᠪᠴᠠᠩ ᠳ᠋ᠤ ᠲᠦᠱᠢᠭ᠌ᠯᠡᠨ ᠠᠮᠢᠳᠤᠯᠢᠭ ᠬᠡᠯᠪᠡᠷᠢ᠎ᠪᠡᠷ ᠠᠵᠢᠯ ᠤᠯᠵᠤ ᠬᠢᠵᠤ ᠪᠠᠢᠨ᠎ᠠ᠃ ᠶᠢᠰᠦᠳᠦᠭᠡᠷ ᠤᠳᠠᠭᠠᠨ᠎ᠤ ᠪᠦᠬᠦ᠌ ᠤᠯᠤᠰ᠎ᠤᠨ ᠠᠵᠢᠯᠲᠠᠨ ᠠᠵᠢᠯᠴᠢᠨ᠎ᠤ ᠡᠩᠨᠡᠭᠡ᠎ᠶ᠋ᠢᠨ ᠪᠠᠢᠳᠠᠯ᠎ᠤᠨ ᠲᠤᠬᠠᠶ ᠪᠠᠢᠴᠠᠭᠠᠯᠲᠠ ᠡᠴᠡ ᠦᠵᠡᠪᠡᠯ᠂ ᠮᠠᠨ᠎ᠤ ᠤᠯᠤᠰ᠎ᠤᠨ ᠱᠢᠨ᠎ᠡ ᠬᠡᠯᠪᠡᠷᠢ ᠵᠢᠨ ᠠᠵᠢᠯ ᠣᠯᠭᠤᠯᠳᠠ ᠵᠢᠨ ᠬᠥᠮᠦᠨ᠎ᠦ ᠲᠣᠭ᠎ᠠ 8400 ᠲᠦᠮᠡ᠎ᠳᠦ ᠬᠦᠷᠴᠦ᠍᠂ ᠠᠵᠢᠯᠲᠠᠨ ᠠᠵᠢᠯᠴᠢᠨ᠎ᠤ ᠪᠦᠬᠦ᠌ ᠲᠣᠭᠠᠨ᠎ᠤ 21% ᠶ᠋ᠢ ᠡᠵᠡᠯᠡᠵᠦ᠍ ᠪᠠᠢᠨ᠎ᠠ᠃ ᠵᠠᠷᠢᠮ ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ ᠢᠯᠠᠩᠭᠤᠶ᠎ᠠ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ ᠲᠠᠪᠴᠠᠩ᠎ᠤᠨ ᠵᠠᠬᠢᠶᠠᠯᠠᠭ᠎ᠠ᠎ᠶ᠋ᠢᠨ ᠡᠭᠦᠷᠭᠡ᠎ᠶ᠋ᠢ ᠭᠦᠶ᠋ᠴᠡᠳᠭᠡᠬᠦ᠌ ᠳ᠋ᠡᠭᠡᠨ᠂ ᠰᠠᠨᠠᠭᠠᠨ᠎ᠳᠤ ᠥᠬᠡᠶ ᠭᠡᠮᠲᠦᠯ᠎ᠳᠦ ᠠᠮᠠᠷᠬᠠᠨ ᠤᠴᠠᠷᠠᠳᠠᠭ᠃
《ᠰᠢᠨ᠎ᠠ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠲᠦ ᠠᠪᠴᠤ᠌ ᠬᠡᠯᠡᠪᠡᠯ᠂ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ ᠪᠣᠯ ᠲᠡᠳᠡᠨ᠎ᠦ ᠬᠠᠮᠤᠭ᠎ᠤᠨ ᠠᠩᠬᠠᠷᠴᠤ᠌ ᠪᠠᠢᠭ᠎ᠠ ᠠᠰᠠᠭᠤᠳᠠᠯ᠎ᠤᠨ ᠨᠢᠭᠡ ᠪᠣᠯᠤᠨ᠎ᠠ》᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠳᠡᠳ᠋ ᠰᠠᠢᠳ ᠯᠢ ᠵᠥᠩ᠂ ᠲᠦᠷᠢᠮ᠎ᠦᠨ ᠵᠢᠷᠤᠭ ᠲᠥᠯᠥᠪᠯᠡᠭᠡ᠎ᠶ᠋ᠢᠨ ᠲᠠᠯ᠎ᠠ᠎ᠪᠠᠷ᠂ ᠤᠯᠠᠮᠵᠢᠯᠠᠯᠲᠤ ᠠᠵᠢᠯ ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ ᠲᠠᠶ ᠠᠳᠠᠯᠢ ᠥᠬᠡᠶ ᠠᠷᠭ᠎ᠠ ᠮᠠᠶᠢᠭ᠎ᠢ ᠠᠪᠴᠤ᠌᠂ ᠬᠥᠳᠡᠯᠮᠦᠷᠢ᠎ᠶ᠋ᠢᠨ ᠬᠠᠷᠢᠴᠠᠭ᠎ᠠ ᠪᠠᠢᠬᠤ ᠡᠰᠡᠬᠦ᠌᠎ᠪᠡᠷ ᠳᠠᠭᠠᠳᠭᠠᠯ᠎ᠳᠤ ᠣᠷᠣᠯᠴᠠᠬᠤ ᠤᠷᠢᠲᠠᠯ ᠪᠣᠯᠭᠠᠬᠤ ᠥᠬᠡᠶ ᠪᠠᠢᠵᠤ᠂ ᠵᠠᠬᠢᠶᠠᠯᠠᠭ᠎ᠠ ᠭᠡᠬᠦ᠌ ᠡᠨᠡ ᠬᠦ᠌ ᠵᠠᠩᠭᠢᠯᠠᠭ᠎ᠠ᠎ᠶ᠋ᠢ ᠭᠤᠤᠯᠳᠠᠯᠭ᠎ᠠ᠎ᠲᠠᠶ ᠠᠳᠭᠤᠵᠤ᠂ ᠡᠳᠦᠷ᠎ᠢᠶᠡᠷ ᠳᠠᠭᠠᠳᠭᠠᠯ᠎ᠳᠤ ᠣᠷᠣᠯᠴᠠᠬᠤ᠂ ᠵᠠᠬᠢᠶᠠᠯᠠᠭ᠎ᠠ ᠪᠡᠷ ᠰᠦᠢᠳᠭᠡᠯ ᠢ᠋ ᠪᠤᠳᠤᠬᠤ ᠵᠡᠷᠭᠡ ᠱᠢᠨ᠎ᠡ᠎ᠶ᠋ᠢ ᠡᠭᠦᠳᠬᠦ᠌ ᠠᠷᠭ᠎ᠠ ᠮᠠᠶᠢᠭ᠎ᠢ ᠠᠪᠴᠤ᠌᠂ ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠦᠨ ᠡᠷᠬᠡ ᠠᠱᠢᠭ᠎ᠢ ᠪᠠᠲᠤᠯᠠᠬᠤ ᠬᠤᠷᠢᠭ᠎ᠠ ᠱᠤᠭᠤᠮ᠎ᠢ ᠨᠡᠯᠢᠶᠡᠳ ᠰᠠᠢᠨ ᠪᠠᠳᠤᠯᠠᠵᠤ ᠲᠠᠢᠯᠦᠨ᠎ᠠ ᠭᠡᠵᠤ ᠲᠠᠨᠢᠯᠴᠠᠭᠤᠯᠵᠠᠢ᠃
ᠨᠡᠢᠰᠯᠡᠯ᠎ᠦᠨ ᠠᠵᠤ ᠠᠬᠤᠶ ᠠᠷᠠᠯᠵᠢᠶᠠᠨ᠎ᠤ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠱᠢᠨ᠎ᠡ ᠬᠡᠯᠪᠡᠷᠢ ᠵᠢᠨ ᠠᠵᠢᠯ ᠣᠯᠭᠣᠯᠲᠠ ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠵᠠᠩ ᠴᠧᠩ ᠭᠠᠩ᠂ ᠬᠣᠯᠪᠣᠭ᠍ᠳᠠᠯ ᠪᠥᠬᠥᠶ ᠰᠦᠶ᠋ᠳᠭᠡᠯ ᠲᠤᠱᠢᠶᠠᠬᠤ ᠵᠠᠭ᠍ᠪᠤᠷ ᠨᠢ ᠰᠦᠯᠵᠢᠶᠡᠨ ᠤ᠋ ᠲᠠᠪᠴᠠᠩ᠎ᠤᠨ ᠠᠵᠤ ᠠᠬᠤᠶ᠎ᠶ᠋ᠢᠨ ᠠᠮᠢᠳᠤᠯᠢᠭ ᠵᠢᠡᠷ ᠠᠵᠢᠯ ᠬᠢᠬᠦ ᠣᠨᠴᠠᠯᠢᠭᠲᠤ ᠨᠡᠢᠴᠡᠵᠦ᠍᠂ ᠪᠠᠲᠤᠯᠠᠭ᠎ᠠ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠂ ᠰᠢᠨ᠎ᠠ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠦᠨ ᠬᠥᠳᠡᠯᠮᠦᠷᠢ᠎ᠶ᠋ᠢᠨ ᠡᠷᠬᠡ ᠠᠱᠢᠭ᠎ᠢ ᠨᠠᠩ ᠰᠠᠢᠲᠤᠷ ᠬᠠᠮᠠᠭᠠᠯᠠᠬᠤ᠎ᠳᠤ ᠠᠱᠢᠭ᠍ᠲᠠᠶ ᠭᠡᠵᠤ ᠦᠵᠡᠪᠡ᠃
ᠣᠳᠣᠬᠠᠨ᠎ᠳᠤ᠂ ᠮᠠᠨ᠎ᠤ ᠤᠯᠤᠰ᠎ᠤᠨ ᠰᠢᠨ᠎ᠠ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠦᠨ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ ᠵᠢᠨ ᠴᠡᠭ ᠢ᠋ ᠥᠷᠭᠡᠳᠭᠡᠬᠦ᠌ ᠠᠵᠢᠯ ᠢᠳᠡᠪᠬᠢᠲᠡᠶ ᠠᠬᠢᠴᠠ᠎ᠲᠠᠶ ᠪᠣᠯᠵᠣ ᠂ 11 ᠰᠦᠯᠵᠢᠶᠠᠨ ᠤ᠋ ᠲᠠᠪᠴᠠᠩ᠎ᠤᠨ ᠠᠵᠤ ᠠᠬᠤᠢᠯᠠᠯ 17 ᠮᠤᠵᠢ ᠣᠷᠣᠨ᠎ᠳᠤ ᠵᠠᠬᠢᠶᠠᠯᠠᠭ᠎ᠠ ᠳᠤᠰᠬᠤ ᠬᠥᠮᠦᠰ᠎ᠢ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠪᠠ᠃ 9 ᠰᠠᠷ᠎ᠠ᠎ᠶ᠋ᠢᠨ ᠡᠴᠦᠰ ᠪᠣᠯᠲᠠᠯ᠎ᠠ᠂ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ ᠵᠢᠨ ᠴᠡᠭ ᠲᠤ᠌ ᠨᠡᠢᠲᠡ 2200 ᠲᠦᠮᠡᠨ ᠬᠥᠮᠦᠨ ᠣᠷᠣᠯᠴᠠᠵᠠᠢ᠃
ᠡᠨᠡ ᠵᠢᠯ᠎ᠦᠨ ᠳᠠᠷᠤᠮᠠᠯᠯᠠᠨ ᠲᠠᠷᠬᠠᠭᠠᠭ᠍ᠰᠠᠨ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ᠎ᠦᠨ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ ᠵᠢᠨ ᠴᠡᠭ ᠢ᠋ ᠥᠷᠭᠡᠳᠭᠡᠬᠦ᠌ ᠲᠤᠬᠠᠶ ᠮᠡᠳᠡᠭ᠌ᠳᠡᠯ᠎ᠢ ᠦᠨᠳᠦᠰᠦᠯᠡᠪᠡᠯ᠂ 2026 ᠣᠨ᠎ᠳᠤ᠂ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ᠎ᠦᠨ ᠠᠵᠢᠯ ᠡᠴᠡ ᠪᠤᠯᠤᠭᠰᠠᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ ᠵᠢᠨ ᠴᠡᠭ ᠢ᠋ ᠪᠥᠬᠥ᠌ ᠤᠯᠤᠰ᠎ᠤᠨ ᠪᠣᠶ ᠪᠥᠬᠥᠶ ᠮᠤᠵᠢ ᠣᠷᠣᠨ᠎ᠳᠤ ᠬᠦᠷᠲᠡᠯ᠎ᠡ ᠥᠷᠭᠡᠳᠭᠡᠬᠦ᠌᠎ᠶ᠋ᠢᠨ ᠬᠠᠮᠲᠤ ᠠᠶᠠᠨᠴᠢᠨ ᠵᠦᠭᠡᠭᠡᠪᠦᠷᠢᠯᠡᠬᠦ᠂ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ᠌᠂ ᠬᠣᠲᠠ ᠶ᠋ᠢᠨ ᠳᠤᠳᠤᠷᠠᠬᠢ ᠪᠠᠷᠠᠭᠠᠨ᠎ᠤ ᠲᠡᠭᠡᠭᠡᠪᠦᠷᠢ ᠵᠡᠷᠭᠡ ᠭᠤᠷᠪᠠᠨ ᠠᠵᠢᠯ ᠲᠥᠷᠥᠯ᠎ᠦᠨ ᠲᠠᠪᠴᠠᠩ ᠤᠨ ᠠᠵᠤ ᠠᠬᠤᠢᠯᠠᠯ᠎ᠢ ᠶᠡᠷᠦᠩᠬᠡᠶᠳᠦᠨᠢ ᠣᠷᠣᠭᠤᠯᠤᠨ᠎ᠠ; 2027 ᠣᠨ᠎ᠳᠤ᠂ ᠪᠤᠰᠤᠳ ᠠᠵᠢᠯ ᠲᠥᠷᠥᠯ᠎ᠦᠨ ᠲᠠᠪᠴᠠᠩ ᠤᠨ ᠠᠵᠤ ᠠᠬᠤᠢᠯᠠᠯ ᠢ ᠲᠤᠷᠱᠢᠯᠲᠠ᠎ᠶ᠋ᠢᠨ ᠴᠡᠭ ᠤ᠋ᠨ ᠬᠡᠪᠴᠢᠶᠡᠨ᠎ᠳᠦ ᠣᠷᠣᠭᠤᠯᠬᠤ᠎ᠶ᠋ᠢ ᠰᠦᠪᠡᠭ᠌ᠴᠢᠯᠡᠨ᠎ᠡ᠃
ᠵᠠᠩ ᠴᠧᠩ ᠭᠠᠩ᠂ ᠲᠦᠷᠢᠮ᠎ᠦᠨ ᠵᠢᠷᠤᠭ ᠲᠥᠯᠥᠪᠯᠡᠭᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠭᠠᠷᠲᠠᠨ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠮᠡᠷᠭᠡᠵᠢᠯ᠎ᠦᠨ ᠳᠡᠮᠵᠢᠯᠭᠡ ᠶ᠋ᠢ ᠴᠢᠩᠭᠠᠳᠭᠠᠵᠤ᠂ ᠣᠯᠠᠨ ᠲᠠᠯ᠎ᠠ᠎ᠶ᠋ᠢᠨ ᠵᠣᠬᠢᠴᠠᠭᠤᠯᠭ᠎ᠠ ᠬᠠᠮᠲᠤᠷᠠᠯᠴᠠᠭ᠎ᠠ᠎ᠶ᠋ᠢ ᠠᠬᠢᠭᠤᠯᠤᠨ᠂ ᠰᠢᠨ᠎ᠠ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠳᠡᠯᠮᠦᠷᠢᠴᠢᠳ᠎ᠦᠨ ᠡᠯ᠎ᠡ ᠲᠥᠷᠥᠯ ᠦᠨ ᠠᠵᠢᠯ ᠡᠴᠡ ᠪᠤᠯᠤᠭᠰᠠᠨ ᠭᠡᠮᠲᠦᠯ ᠦᠨ ᠠᠶᠤᠯ ᠲᠦᠭ᠌ᠰᠢᠭᠦᠷᠢ᠎ᠳᠡᠬᠢ ᠪᠥᠬᠥ᠌ ᠲᠠᠯ᠎ᠠ᠎ᠶ᠋ᠢᠨ ᠪᠠᠲᠤᠯᠠᠭ᠎ᠠ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠤ ᠰᠠᠨᠠᠭᠤᠯᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)