8.7 ᠳ᠋ᠦᠩᠰᠢᠭᠤᠷ ᠺᠢᠯᠤᠸᠠᠲ ᠴᠠᠭ ᠤ᠋ᠨ ᠪᠤᠬᠢᠷᠳᠦᠯ ᠦᠭᠡᠢ ᠴᠠᠬᠢᠯᠭᠠᠨ ᠬᠤᠳᠠᠯᠳᠤᠨ ᠠᠪᠬᠤ ᠵᠦᠪᠯᠡᠯᠴᠡᠭᠡᠷ ᠳᠤᠬᠢᠷᠠᠯᠴᠠᠪᠠ
2025-12-23 16:55:03
ᠵᠣᠬᠢᠶᠠᠭ᠍ᠴᠢ᠄
​ ᠤᠷᠭᠤᠮᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠰᠢᠨ᠎ᠠ ᠡᠨᠧᠷᠬᠢ ᠶ᠋ᠢᠨ ᠺᠤᠮᠫᠠᠨᠢ ᠪᠤᠯᠤᠨ ᠳᠤᠮᠳᠠᠳᠤ ᠤᠯᠤᠰ ᠤ᠋ᠨ ᠤᠩᠭᠤᠴᠠ ᠰᠡᠯ ᠤ᠋ᠨ ᠪᠦᠯᠦᠭᠯᠡᠯ ᠤ᠋ᠨ ᠬᠠᠷᠢᠶ᠎ᠠ ᠫᠠᠢ ᠷᠦᠢ ᠤᠨᠴᠠᠭᠠᠢ ᠬᠡᠢ ᠪᠡᠶᠡᠳᠦ (ᠬᠦᠬᠡᠬᠤᠳᠠ) ᠶ᠋ᠢᠨ ᠬᠢᠵᠠᠭᠠᠷᠳᠦ  ᠺᠤᠮᠫᠠᠨᠢ ᠤᠢᠷ᠎ᠠ ᠳ᠋ᠤ 3 ᠵᠢᠯ ᠤ᠋ᠨ ᠬᠤᠭᠤᠴᠠᠭ᠎ᠠ ᠪᠦᠬᠦᠢ 8.7 ᠳ᠋ᠦᠩᠰᠢᠭᠤᠷ ᠺᠢᠯᠤᠸᠠᠲ ᠴᠠᠭ ᠤ᠋ᠨ ᠪᠤᠬᠢᠷᠳᠦᠯ ᠦᠭᠡᠢ ᠴᠠᠬᠢᠯᠭᠠᠨ ᠬᠤᠳᠠᠯᠳᠤᠨ ᠠᠪᠬᠤ ᠵᠦᠪᠯᠡᠯᠴᠡᠭᠡᠷ ᠳᠤᠬᠢᠷᠠᠯᠴᠠᠪᠠ᠃ ᠡᠨᠡ ᠪᠤᠯ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠳᠤᠬᠢᠷᠠᠯᠴᠠᠭᠰᠠᠨ ᠠᠩᠬᠠᠳᠠᠭᠴᠢ ᠪᠤᠬᠢᠷᠳᠦᠯ ᠦᠭᠡᠢ ᠴᠠᠬᠢᠯᠭᠠᠨ ᠬᠤᠳᠠᠯᠳᠤᠨ ᠠᠪᠬᠤ ᠵᠦᠪᠯᠡᠯᠴᠡᠭᠡᠷ ᠪᠠᠢᠵᠤ᠂ ᠤᠷᠤᠨ ᠪᠦᠰᠡ ᠶ᠋ᠢᠨ ᠪᠤᠬᠢᠷᠳᠦᠯ ᠦᠭᠡᠢ ᠡᠨᠧᠷᠬᠢ ᠶ᠋ᠢᠨ ᠬᠡᠷᠡᠭᠯᠡᠭᠡ ᠵᠢᠴᠢ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠰᠢᠨ᠎ᠠ ᠬᠦᠳᠡᠯᠭᠡᠬᠦ ᠡᠨᠧᠷᠬᠢ ᠨᠡᠮᠡᠷᠢᠯᠡᠬᠦ ᠪᠤᠯᠤᠨ᠎ᠠ᠃

ᠤᠳᠤᠬᠠᠨ ᠳ᠋ᠤ ᠲᠤᠰ ᠵᠦᠪᠯᠡᠯᠴᠡᠭᠡᠷ ᠢ᠋ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠦᠪ ᠲᠤ᠌ ᠳᠠᠩᠰᠠᠯᠠᠭᠤᠯᠬᠤ ᠠᠵᠢᠯ ᠨᠢᠭᠡᠨᠳᠡ ᠳᠠᠭᠤᠰᠴᠤ᠂ ᠠᠷᠠᠯᠵᠢᠶ᠎ᠠ ᠶ᠋ᠢ ᠪᠤᠳᠠᠳᠠᠢ ᠭᠦᠢᠴᠡᠳᠭᠡᠬᠦ ᠱᠠᠳᠤᠨ ᠳ᠋ᠤ ᠤᠷᠤᠪᠠ᠃ ᠵᠦᠪᠯᠡᠯᠴᠡᠭᠡᠷ ᠢ᠋ ᠦᠨᠳᠦᠰᠦᠯᠡᠪᠡᠯ ᠂ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠰᠢᠨ᠎ᠠ ᠡᠨᠧᠷᠬᠢ ᠶ᠋ᠢᠨ ᠺᠤᠮᠫᠠᠨᠢ ᠡᠴᠡ ᠳᠤᠮᠳᠠᠳᠤ ᠤᠯᠤᠰ ᠤ᠋ᠨ ᠤᠩᠭᠤᠴᠠ ᠰᠡᠯ ᠤ᠋ᠨ ᠪᠦᠯᠦᠭᠯᠡᠯ ᠤ᠋ᠨ ᠬᠠᠷᠢᠶ᠎ᠠ ᠫᠠᠢ ᠷᠦᠢ ᠤᠨᠴᠠᠭᠠᠢ ᠬᠡᠢ ᠪᠡᠶᠡᠳᠦ(ᠬᠦᠬᠡᠬᠤᠳᠠ) ᠶ᠋ᠢᠨ ᠬᠢᠵᠠᠭᠠᠷᠳᠦ ᠺᠤᠮᠫᠠᠨᠢ ᠳ᠋ᠤ ᠳᠤᠭᠳᠠᠭᠤᠨ ᠪᠤᠬᠢᠷᠳᠦᠯ ᠦᠭᠡᠢ ᠴᠠᠬᠢᠯᠭᠠᠨ ᠢ᠋ ᠬᠠᠩᠭᠠᠨ᠎ᠠ᠃ ᠡᠨᠡ ᠨᠢ ᠫᠠᠢ ᠷᠦᠢ ᠺᠤᠮᠫᠠᠨᠢ ᠶ᠋ᠢᠨ ᠪᠤᠬᠢᠷᠳᠦᠯ ᠦᠭᠡᠢ ᠦᠢᠯᠡᠳᠪᠤᠷᠢᠯᠡᠯ ᠳ᠋ᠡᠬᠢ ᠡᠨᠧᠷᠬᠢ ᠶ᠋ᠢᠨ ᠬᠡᠷᠡᠭᠯᠡᠭᠡ ᠶ᠋ᠢ ᠪᠠᠳᠤᠯᠠᠬᠤ ᠶ᠋ᠢᠨ ᠬᠠᠮᠳᠤ ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠰᠢᠨ᠎ᠠ ᠡᠨᠧᠷᠬᠢ ᠶ᠋ᠢᠨ ᠲᠦᠷᠦᠯ ᠵᠦᠢᠯ ᠤ᠋ᠨ ᠤᠷᠳᠤ ᠬᠤᠭᠤᠴᠠᠭᠠᠨ ᠤ᠋ ᠳᠤᠭᠳᠠᠭᠤᠨ ᠠᠵᠤ ᠠᠬᠤᠢ ᠶ᠋ᠢᠨ ᠦᠷ᠎ᠠ ᠠᠰᠢᠭ ᠤ᠋ᠨ ᠢᠷᠡᠯᠳᠡ ᠪᠤᠯᠵᠤ᠂ ᠴᠠᠬᠢᠯᠭᠠᠨ ᠭᠠᠷᠭᠠᠬᠤ ᠪᠠ ᠴᠠᠬᠢᠯᠭᠠᠨ ᠬᠡᠷᠡᠭᠯᠡᠬᠦ ᠬᠤᠶᠠᠷ ᠲᠠᠯ᠎ᠠ ᠬᠠᠷᠢᠯᠴᠠᠨ ᠠᠰᠢᠭᠳᠠᠢ ᠬᠠᠮᠳᠤ ᠪᠡᠷ ᠠᠰᠢᠭ ᠬᠦᠷᠳᠡᠬᠦ ᠶ᠋ᠢ ᠪᠡᠶᠡᠯᠡᠭᠦᠯᠬᠦ ᠪᠤᠯᠤᠨ᠎ᠠ᠃

ᠦᠪᠦᠷ ᠮᠤᠩᠭᠤᠯ ᠤ᠋ᠨ ᠰᠢᠨ᠎ᠠ ᠡᠨᠧᠷᠬᠢ ᠶ᠋ᠢᠨ ᠮᠠᠰᠢᠨ ᠴᠤᠭᠴᠠᠯᠠᠪᠤᠷᠢ ᠶ᠋ᠢᠨ ᠶᠡᠷᠦᠩᠬᠡᠢ ᠪᠠᠭᠳᠠᠭᠠᠮᠵᠢ ᠪᠦᠬᠦ ᠤᠯᠤᠰ ᠤ᠋ᠨ ᠡᠮᠤᠨ᠎ᠠ ᠡᠩᠨᠡᠭᠡ ᠳ᠋ᠤ ᠵᠢᠭᠰᠠᠵᠤ᠂ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠶ᠋ᠢ ᠠᠬᠢᠭᠤᠯᠬᠤ ᠨᠢ ᠨᠢᠭᠡᠨᠳᠡ ᠡᠨᠧᠷᠬᠢ ᠶ᠋ᠢᠨ ᠠᠵᠤ ᠦᠢᠯᠡᠰ ᠤ᠋ᠨ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠬᠤ ᠵᠠᠩᠬᠢᠯᠠᠭ᠎ᠠ ᠶ᠋ᠢᠨ ᠠᠷᠭ᠎ᠠ ᠬᠡᠮᠵᠢᠶ᠎ᠠ ᠪᠤᠯᠵᠠᠢ᠃ ᠦᠩᠭᠡᠷᠡᠭᠰᠡᠨ ᠳ᠋ᠤ ᠤᠷᠤᠨ ᠤ᠋ ᠲᠤᠳᠤᠨᠠᠬᠢ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠨᠢ ᠭᠤᠤᠯᠳᠠᠭᠤ ᠨᠢᠭᠡ ᠵᠢᠯ ᠤ᠋ᠨ ᠪᠤᠶᠤ ᠬᠡᠳᠦᠨ ᠰᠠᠷ᠎ᠠ ᠶ᠋ᠢᠨ ᠤᠬᠤᠷ ᠬᠤᠭᠤᠴᠠᠭᠠᠨ ᠤ᠋ ᠠᠷᠠᠯᠵᠢᠶ᠎ᠠ ᠪᠠᠢᠪᠠ᠃ ᠰᠢᠨᠡᠭᠡᠨ ᠳᠤᠭᠳᠠᠭᠰᠠᠨ ᠲᠤᠰ ᠵᠦᠪᠯᠡᠯᠴᠡᠭᠡᠷ ᠨᠢ ᠤᠯᠠᠨ ᠵᠢᠯ ᠤ᠋ᠨ ᠵᠦᠪᠯᠡᠯᠴᠡᠭᠡᠷ ᠢ᠋ ᠰᠦᠪᠡᠭᠴᠢᠯᠡᠬᠦ ᠪᠤᠳᠠᠳᠤ ᠦᠢᠯᠡᠳᠦᠯᠭᠡ ᠪᠤᠯᠵᠤ᠂ ᠵᠠᠬ᠎ᠠ ᠳᠡᠯᠭᠡᠭᠦᠷ ᠤ᠋ᠨ ᠬᠦᠭᠵᠢᠯᠳᠡ ᠶ᠋ᠢᠨ ᠰᠢᠨ᠎ᠠ ᠬᠠᠨᠳᠤᠰᠢ ᠶ᠋ᠢ  ᠲᠤᠳᠤᠷᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号