ᠰᠢ᠎ᠶᠢᠨ ᠫᠢᠩ ᠲᠥᠪ᠎ᠦᠨ ᠠᠵᠤ ᠠᠬᠤᠢᠯᠠᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ — ᠡᠭᠦᠷᠭᠡ ᠬᠠᠷᠢᠭᠤᠴᠠᠯᠭ᠎ᠠ᠎ᠪᠠᠨ ᠭᠦᠢᠴᠡᠳ ᠲᠠᠨᠢᠵᠤ ᠨᠠᠮ ᠪᠣᠯᠣᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ
2025-12-24 09:44:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠴᠢᠶᠠᠩ ᠲᠥᠪ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ


ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ᠎ᠶᠢᠨ ᠫᠢᠩ ᠣᠢᠷ᠎ᠠ᠎ᠶᠢᠨ ᠡᠳᠦᠷ ᠲᠥᠪ᠎ᠦᠨ ᠠᠵᠤ ᠠᠬᠤᠢᠯᠠᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠲᠥᠪ᠎ᠦᠨ ᠠᠵᠤ ᠠᠬᠤᠢᠯᠠᠯ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠢ ᠦᠢᠯᠡᠴᠢᠯᠡᠵᠦ᠂ ᠤᠯᠤᠰ ᠠᠷᠠᠳ᠎ᠤᠨ ᠠᠵᠤ ᠠᠬᠤᠢ᠎ᠳᠤ ᠭᠣᠣᠯᠯᠠᠭ᠍ᠴᠢ ᠬᠦᠴᠦᠨ ᠪᠠ ᠲᠤᠯᠭᠠᠭᠤᠷᠢᠯᠠᠬᠤ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃

ᠰᠢ᠎ᠶᠢᠨ ᠫᠢᠩ᠂ ᠰᠢᠨ᠎ᠡ ᠠᠶᠠᠨ᠎ᠳᠤ ᠲᠥᠪ᠎ᠦᠨ ᠠᠵᠤ ᠠᠬᠤᠢᠯᠠᠯ ᠡᠭᠦᠷᠭᠡᠯᠡᠵᠦ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠭᠦᠢᠴᠡᠳ ᠲᠠᠨᠢᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠠᠩ ᠰᠠᠢᠳᠤᠷ ᠦᠢᠯᠡᠴᠢᠯᠡᠵᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠦᠢᠯᠡᠴᠢᠯᠡᠵᠦ᠂ ᠨᠡᠢᠭᠡᠮ᠎ᠦᠨ ᠬᠠᠷᠢᠭᠤᠴᠠᠯᠭ᠎ᠠ᠎ᠶᠢ ᠵᠣᠷᠢᠭ᠍ᠲᠠᠢ᠎ᠪᠠᠷ ᠡᠭᠦᠷᠭᠡᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠨᠠᠩ ᠶᠡᠬᠡ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃ ᠭᠣᠣᠯ ᠬᠠᠷᠢᠭᠤᠴᠠᠯᠭ᠎ᠠ ᠭᠣᠣᠯ ᠲᠤᠬᠠᠢᠯᠠᠭᠰᠠᠨ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠤᠯᠤᠰ᠎ᠤᠨ ᠥᠮᠴᠢᠯᠡᠯ᠎ᠦᠨ ᠠᠵᠤ ᠠᠬᠤᠢ᠎ᠶᠢᠨ ᠪᠠᠢᠷᠢᠰᠢᠭᠤᠯᠤᠯᠳᠠ᠎ᠵᠢ ᠦᠷᠭᠦᠯᠵᠢᠯᠡᠨ ᠰᠢᠯᠢᠳᠡᠭᠵᠢᠭᠦᠯᠵᠦ᠂ ᠭᠣᠣᠯᠯᠠᠬᠤ ᠦᠢᠯᠡᠳᠦᠯ ᠴᠢᠳᠠᠮᠵᠢ᠎ᠶᠢ ᠦᠨᠡᠨ ᠬᠦ᠌ ᠴᠢᠩᠭᠠᠷᠠᠭᠤᠯᠵᠤ᠂ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠤ ᠴᠣᠭᠴᠠ᠎ᠶᠢᠨ ᠠᠵᠤ ᠠᠬᠤᠢ᠎ᠳᠤ ᠰᠠᠭᠤᠷᠢᠯᠠᠵᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ᠎ᠶᠢ ᠴᠢᠨᠠᠭᠰᠢᠳᠠ ᠭᠦᠨᠵᠡᠭᠡᠢᠷᠡᠭᠦᠯᠵᠦ ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠤᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ᠂ ᠺᠣᠮᠫᠠᠨᠢ᠎ᠶᠢᠨ ᠵᠠᠰᠠᠯᠲᠠ᠎ᠶᠢᠨ ᠪᠦᠲᠦᠴᠡ᠎ᠶᠢ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠬᠥᠭᠵᠢᠯᠲᠡ᠎ᠶᠢ ᠬᠦᠯᠢᠶᠡᠰᠦᠯᠡᠵᠤ  ᠪᠠᠢᠭ᠎ᠠ ᠭᠦᠨ ᠳᠠᠪᠬᠤᠷᠭ᠎ᠠ᠎ᠶᠢᠨ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠳᠡᠯᠡᠬᠡᠢ᠎ᠶᠢᠨ ᠲᠡᠷᠢᠭᠦᠨ ᠵᠡᠷᠬᠡ ᠵᠢᠨ ᠠᠵᠤ ᠠᠬᠤᠢᠯᠠᠯ᠎ᠢ ᠴᠢᠷᠮᠠᠢᠨ ᠪᠠᠶ᠋ᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ᠎ᠶᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠠᠵᠤ ᠠᠬᠤᠢᠯᠠᠯ᠎ᠤᠨ ᠠᠮᠤᠷ ᠲᠦᠪᠰᠢᠨ᠎ᠢᠶᠡᠷ ᠬᠥᠭᠵᠢᠬᠦ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠰᠢ᠎ᠶᠢᠨ ᠫᠢᠩ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠠᠵᠤ ᠠᠬᠤᠢᠯᠠᠯ᠎ᠤᠨ ᠤᠳᠤᠷᠢᠳᠬᠤ ᠪᠠᠭ᠎ᠤᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠨᠠᠮ᠎ᠤᠨ ᠤᠳᠤᠷᠢᠳᠤᠯᠭ᠎ᠠ᠎ᠶᠢ ᠺᠣᠮᠫᠠᠨᠢ᠎ᠶᠢᠨ ᠵᠠᠰᠠᠯᠲᠠ᠎ᠶᠢᠨ ᠡᠯ᠎ᠡ ᠭᠣᠭᠴᠣᠭ᠎ᠠ᠎ᠳᠤ ᠠᠭᠤᠰᠬᠠᠬᠤ᠎ᠶᠢ ᠠᠬᠢᠭᠤᠯᠵᠤ ᠂ ᠨᠠᠮ᠎ᠤᠨ ᠪᠠᠢᠭᠤᠯᠤᠯᠲᠠ᠎ᠶᠢᠨ ᠠᠵᠢᠯ ᠪᠣᠯᠣᠨ ᠦᠢᠯᠡᠳᠪᠦᠷᠢᠯᠡᠯ ᠡᠵᠡᠩᠨᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠳᠦᠷᠢᠮ᠎ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠢᠯᠵᠢᠷᠡᠯ᠎ᠢ ᠡᠷᠡᠰ ᠵᠠᠯᠬᠠᠭᠠᠨ ᠰᠢᠢᠳᠭᠡᠵᠦ᠂ 《ᠲᠦᠷᠪᠡᠨ ᠰᠤᠷᠲᠠᠯ》 ᠢ᠋ ᠴᠥᠬᠥᠷᠡᠰᠢ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠲᠥᠪ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠬᠤᠷᠠᠯ 12 ᠰᠠᠷ᠎ᠠ᠎ᠶᠢᠨ 22 ᠡᠴᠡ 23 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠠ ᠲᠣᠪᠴᠢᠶ᠎ᠠ ᠵᠢᠨ ᠪᠠᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠨᠢ ᠲᠥᠪ᠎ᠦᠨ ᠠᠵᠤ ᠠᠬᠤᠢᠯᠠᠯ᠎ᠳᠤ ᠲᠣᠳᠣᠷᠬᠠᠢ ᠱᠠᠭᠠᠷᠳᠠᠯᠭ᠎ᠠ ᠪᠠ ᠨᠠᠨᠳᠢᠨ ᠬᠦᠰᠡᠯ ᠲᠠᠯᠪᠢᠵᠤ᠂ ᠮᠠᠰᠢ ᠴᠢᠩᠭ᠎ᠠ ᠪᠠᠢᠯᠳᠤᠬᠤ ᠪᠣᠳᠣᠯᠭ᠎ᠠ᠎ᠶᠢᠨ ᠴᠢᠨᠠᠷ ᠪᠠ ᠵᠢᠯᠤᠭᠣᠳᠬᠤ ᠴᠢᠨᠠᠷ᠎ᠲᠠᠢ ᠪᠠᠢᠵᠤ᠂ ᠲᠥᠪ᠎ᠦᠨ ᠠᠵᠤ ᠠᠬᠤᠢᠯᠠᠯ᠎ᠤᠨ ᠠᠵᠢᠯ᠎ᠢ ᠰᠠᠢᠲᠤᠷ ᠬᠢᠬᠦ᠎ᠳᠦ ᠤᠯᠠᠮ ᠨᠢᠭᠡ ᠠᠯᠬᠤᠮ ᠴᠢᠭᠯᠡᠯ᠎ᠢ ᠲᠣᠳᠣᠷᠬᠠᠢ ᠵᠢᠭᠠᠵᠤ ᠥᠭᠪᠡ᠃ ᠪᠢᠳᠡ ᠭᠦᠨᠵᠡᠭᠡᠢ ᠰᠤᠷᠤᠯᠴᠠᠨ ᠣᠢᠯᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠯᠢ ᠴᠢᠶᠠᠩ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠠᠭᠤᠷᠢ᠎ᠶᠢ ᠪᠡᠬᠢᠵᠢᠬᠦᠯᠦᠨ᠂ ᠪᠥᠬᠥ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠂ ᠲᠥᠪ᠎ᠦᠨ ᠠᠵᠤ ᠠᠬᠤᠢᠯᠠᠯ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠡ ᠵᠢᠨ ᠪᠠᠢᠳᠠᠯ᠎ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠣᠷᠣᠨ ᠪᠠᠢᠷᠢ᠎ᠪᠠᠨ ᠤᠯᠠᠮ ᠨᠢᠭᠡ ᠠᠯᠬᠤᠮ ᠲᠣᠳᠣᠷᠬᠠᠢᠯᠠᠵᠤ ᠂ ᠪᠠᠢᠷᠢ ᠲᠣᠭᠲᠠᠭᠠᠯᠲᠠ᠎ᠪᠠᠨ ᠣᠨᠣᠪᠴᠢᠲᠠᠶ ᠣᠯᠵᠤ᠂ ᠲᠤᠰᠢᠶᠠᠯ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ᠎ᠪᠡᠨ ᠦᠨᠡᠨ ᠬᠦ᠌ ᠡᠭᠦᠷᠭᠡᠯᠡᠬᠦ ᠬᠡᠷᠡᠭᠲᠡᠢ᠃ ᠴᠢᠬᠤᠯᠠ ᠶᠡᠬᠡ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠳᠤᠮᠳᠠ ᠬᠦᠴᠦᠲᠡᠢ ᠪᠠᠲᠤᠯᠠᠭ᠎ᠠ ᠬᠠᠩᠭᠠᠵᠤ᠂ ᠤᠯᠠᠮᠵᠢᠯᠠᠯᠲᠤ ᠰᠠᠭᠤᠷᠢ ᠲᠥᠬᠦᠭᠡᠷᠦᠮᠵᠢ᠎ᠶᠢ ᠰᠢᠨᠡᠳᠬᠡᠬᠦ ᠪᠠ ᠲᠤᠭᠠᠴᠢᠯᠠᠬᠤ ᠤᠶᠤᠨᠴᠢᠯᠠᠬᠤ ᠥᠭᠡᠷᠡᠴᠢᠯᠡᠯᠳᠠ᠎ᠶᠢ ᠲᠦᠷᠭᠡᠳᠬᠡᠵᠦ᠂ ᠰᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠵᠣᠬᠢᠰᠲᠠᠢ ᠪᠡᠷ ᠤᠷᠢᠳᠴᠢᠯᠠᠨ ᠭᠢᠬᠥ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠪᠡᠶ᠎ᠡ᠎ᠪᠡᠨ ᠳᠠᠭᠠᠭᠠᠵᠤ ᠡᠵᠡᠮᠳᠡᠬᠦ᠎ᠶᠢ ᠪᠡᠶᠡᠯᠡᠭᠦᠯᠬᠦ ᠶᠠᠪᠤᠴᠠ᠎ᠳᠤ ᠭᠤᠤᠯ ᠬᠦᠴᠦᠨ᠎ᠢ ᠰᠠᠢᠲᠤᠷ ᠡᠭᠦᠷᠭᠡᠯᠡᠵᠦ᠂ ᠭᠣᠣᠯ ᠬᠠᠷᠢᠭᠤᠴᠠᠯᠭ᠎ᠠ ᠭᠣᠣᠯ ᠲᠤᠬᠠᠢᠯᠠᠬᠰᠠᠨ ᠠᠵᠢᠯ᠎ᠲᠠᠢ᠎ᠪᠡᠨ ᠤᠶᠠᠯᠳᠤᠭᠤᠯᠤᠨ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠵᠦ᠂ ᠡᠨᠧᠷᠭᠢ ᠡᠬᠢ ᠪᠠᠶᠠᠯᠢᠭ᠋᠎ᠤᠨ ᠬᠠᠩᠭᠠᠯᠭ᠎ᠠ᠎ᠶᠢ ᠪᠠᠲᠤᠯᠠᠵᠤ᠂ ᠠᠵᠤ ᠦᠢᠯᠡᠰ᠎ᠦᠨ ᠬᠡᠯᠬᠢᠶ᠎ᠡ᠎ᠶᠢᠨ ᠤᠶᠠᠨ ᠬᠠᠳᠠᠨ ᠴᠢᠨᠠᠷ᠎ᠢ ᠴᠢᠩᠭᠠᠳᠬᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠶᠢ ᠠᠬᠢᠭᠤᠯᠬᠤ ᠳᠤᠮᠳᠠ ᠰᠠᠭᠤᠷᠢ ᠲᠤᠯᠭᠠᠭᠤᠷᠢᠯᠠᠯ᠎ᠢ ᠴᠢᠩᠭᠠᠳᠬᠠᠵᠤ᠂ ᠬᠡᠷᠡᠭᠯᠡᠭᠡᠨ᠎ᠦ ᠰᠠᠭᠤᠷᠢ ᠰᠤᠳᠤᠯᠭᠠᠨ᠎ᠢ ᠴᠢᠩᠭᠠᠳᠬᠠᠵᠤ᠂ ᠵᠠᠩᠭᠢᠯᠠᠭ᠎ᠠ᠎ᠶᠢᠨ ᠨᠡᠢᠲᠡᠯᠢᠭ ᠴᠢᠨᠠᠷᠲᠠᠢ ᠮᠡᠷᠭᠡᠵᠢᠯ᠎ᠦᠨ ᠬᠠᠩᠭᠠᠯᠭ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ ᠳᠤᠮᠳᠠ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠲᠠᠢ᠎ᠪᠠᠷ ᠵᠢᠳᠬᠦᠯ ᠴᠢᠷᠮᠠᠢᠯᠭ᠎ᠠ ᠭᠠᠷᠭᠠᠵᠤ᠂ ᠬᠥᠭᠵᠢᠯᠲᠡ᠎ᠶᠢᠨ ᠪᠦᠬᠦ ᠲᠠᠯ᠎ᠠ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠴᠢᠨᠠᠭᠰᠢᠳᠠ ᠭᠦᠨᠵᠡᠭᠡᠢᠷᠡᠭᠦᠯᠵᠦ᠂ ᠤᠯᠤᠰ᠎ᠤᠨ ᠥᠮᠴᠢᠯᠡᠯ᠎ᠦᠨ ᠠᠵᠤ ᠠᠬᠤᠢ᠎ᠶᠢᠨ ᠪᠠᠢᠷᠢᠰᠢᠭᠤᠯᠤᠯᠳᠠ᠎ᠵᠢ ᠰᠢᠯᠢᠳᠡᠭᠵᠢᠭᠦᠯᠬᠦ᠂ ᠤᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠲᠡᠭᠦᠯᠳᠡᠷᠵᠢᠭᠦᠯᠬᠦ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠬᠦᠯᠬᠦ ᠵᠡᠷᠭᠡ ᠲᠠᠯ᠎ᠠ ᠪᠡᠷ ᠲᠡᠷᠢᠭᠦᠨ᠎ᠤ ᠡᠩᠨᠡᠬᠡᠨ ᠳ᠋ᠤ᠎ᠶᠠᠪᠤᠬᠤ ᠬᠡᠷᠡᠭᠳᠡᠢ᠃ ᠨᠠᠮ᠎ᠤᠨ ᠤᠳᠤᠷᠢᠳᠤᠯᠭ᠎ᠠ᠎ᠶᠢ ᠥᠭᠡᠷᠡᠴᠢᠯᠡᠯᠲᠡ ᠬᠥᠭᠵᠢᠯᠲᠡ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢᠷᠠᠬᠦᠯᠦᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠯᠢ ᠴᠢᠶᠠᠩ᠂ ᠲᠥᠪ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠨᠡᠩ ᠢᠯᠡᠭᠦᠦ ᠬᠦᠴᠦᠯᠡᠨ ᠴᠢᠷᠮᠠᠢᠵᠤ ᠦᠢᠯᠡᠰ ᠪᠦᠲᠦᠭᠡᠬᠦ ᠤᠶᠤᠨ ᠰᠠᠨᠠᠭᠠᠨ᠎ᠤ ᠲᠦᠷᠰᠦ ᠪᠠᠢᠳᠠᠯ᠎ᠢᠶᠡᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠶᠡᠬᠡ ᠲᠠᠯ᠎ᠠ᠎ᠶᠢᠨ ᠦᠵᠡᠯᠲᠡ᠎ᠪᠡᠨ ᠴᠢᠩᠭᠠᠳᠬᠠᠵᠤ᠂ ᠭᠣᠣᠯ ᠵᠥᠷᠢᠴᠡᠯ᠎ᠢ ᠴᠢᠳᠠᠮᠠᠭᠠᠢ᠎ᠪᠠᠷ ᠠᠳᠬᠤᠵᠤ᠂ ᠵᠣᠷᠢᠭ᠍ᠲᠠᠢ᠎ᠪᠠᠷ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠴᠦ᠂ ᠪᠤᠳᠤᠯᠢᠶᠠᠨᠲᠠᠢ ᠪᠠᠢᠳᠠᠯ᠎ᠢ ᠡᠵᠡᠮᠳᠡᠬᠦ᠂ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠤ ᠠᠬᠤᠢᠯᠠᠯ᠎ᠢ ᠳᠠᠭᠠᠭᠤᠯᠤᠨ ᠥᠭᠡᠷᠡᠴᠢᠯᠡᠯᠲᠡ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠨ ᠨᠡᠬᠡᠬᠡᠬᠦ ᠬᠡᠷᠡᠭᠲᠡᠢ ᠭᠡᠵᠦ ᠴᠢᠬᠤᠯᠠᠴᠢᠯᠠᠪᠠ᠃

ᠵᠠᠩ ᠭᠦᠸᠧ ᠴᠢᠩ ᠬᠤᠷᠠᠯ᠎ᠢ ᠡᠷᠬᠢᠯᠡᠪᠡ᠃ ᠦ᠋ ᠵᠧᠩ ᠯᠦᠩ ᠬᠤᠷᠠᠯ᠎ᠳᠤ ᠣᠷᠣᠯᠴᠠᠵᠡᠢ᠃

ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠥᠪ᠎ᠦᠨ ᠠᠵᠤ ᠠᠬᠤᠢᠯᠠᠯ᠂ ᠲᠥᠪ ᠡᠴᠡ ᠬᠠᠮᠢᠶᠠᠷᠴᠤ ᠪᠠᠢᠭ᠎ᠠ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠨᠥᠬᠥᠳ ᠵᠡᠷᠬᠡ ᠬᠦᠮᠦᠰ ᠬᠤᠷᠠᠯ᠎ᠳᠤ ᠣᠷᠣᠯᠴᠠᠵᠠᠢ᠃

ᠰᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶᠢᠨ 23 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号