ᠢᠦᠢ ᠯᠢ ᠱᠢᠨ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠪᠡ
ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠰᠤᠳᠤᠯᠤᠨ ᠶᠠᠷᠢᠯᠴᠠᠬᠤ ᠠᠩᠬᠢ ᠡᠷᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠢᠦᠶ ᠯᠢ ᠱᠢᠨ ᠰᠤᠳᠤᠯᠤᠨ ᠶᠠᠷᠢᠯᠴᠠᠬᠤ᠎ᠳᠤ ᠣᠷᠣᠯᠴᠠᠵᠤ᠂ ᠨᠠᠮ᠎ᠤᠨ ᠭᠡᠱᠢᠭᠦᠨ ᠺᠠᠳ᠋ᠷᠴᠤᠳ᠎ᠲᠠᠶ ᠰᠤᠷᠤᠯᠴᠠᠭ᠍ᠰᠠᠨ ᠲᠥᠷᠥᠭ᠌ᠳᠡᠯ᠎ᠢᠶᠡᠨ ᠰᠣᠯᠢᠯᠴᠠᠬᠤ᠎ᠶ᠋ᠢᠨ ᠬᠠᠮᠲᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠦᠨᠳᠦᠰᠦᠨ ᠪᠠᠲᠤᠯᠠᠭ᠎ᠠ ᠵᠡᠷᠭᠡ᠎ᠶ᠋ᠢᠨ ᠲᠣᠭᠣᠷᠢᠨ᠎ᠳᠤ ᠭᠦᠨᠵᠡᠭᠡᠶ ᠤᠬᠠᠭᠤᠯᠤᠨ ᠲᠠᠢᠯᠪᠤᠷᠢᠯᠠᠪᠠ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠤᠶᠠᠯᠳᠤᠭᠤᠯᠵᠤ ᠭᠦᠨᠵᠡᠭᠡᠶ ᠰᠤᠷᠤᠯᠴᠠᠨ ᠨᠠᠷᠢᠯᠢᠭ ᠣᠬᠠᠪᠤᠷᠢᠯᠠᠬᠤ ᠬᠡᠷᠡᠭ᠌ᠲᠡᠶ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ ᠭᠡᠷᠡᠭᠲᠠᠢ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨᠬᠦᠴᠦ᠍ᠪᠡᠨ ᠲᠥᠪᠯᠡᠷᠡᠭᠦᠯᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ; ᠱᠢᠨ᠎ᠡ ᠵᠠᠮ ᠨᠡᠭᠡᠭᠡᠬᠦ᠌ ᠬᠠᠷᠠᠯᠲᠠ ᠡᠭᠦᠷᠭᠡ ᠵᠢ ᠲᠦᠷᠭᠡᠳᠭᠡᠵᠦ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠥᠪᠯᠡᠨ ᠲᠤᠰᠠᠯᠠᠭ᠍ᠤ᠂ ᠱᠠᠯᠠᠪᠳᠠᠭᠤᠯᠤᠨ ᠪᠠᠢᠴᠠᠭᠠᠬᠤ᠂ ᠦᠢᠯᠡᠴᠢᠯᠡᠭᠡ ᠪᠠᠲᠤᠯᠠᠭ᠎ᠠ ᠶ᠋ᠢᠨ ᠦᠢᠯᠡᠳᠦᠯ᠎ᠢ ᠴᠢᠩᠭᠠᠳᠬᠠᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌ ᠪᠣᠳᠠᠲᠤ ᠠᠵᠢᠯᠯᠠᠭ᠎ᠠ ᠪᠠᠷ᠎ᠢᠶᠠᠨ 《ᠬᠣᠶᠠᠷ ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号