ᠸᠠᠩ ᠸᠧᠢ ᠵᠦᠩ ᠣᠷᠣᠯᠴᠠᠭᠰᠠᠨ ᠪᠥᠭᠡᠳ ᠲᠡᠷᠭᠡ ᠨᠡᠪᠲᠡᠷᠡᠭᠰᠡᠨ᠎ᠢ ᠵᠠᠷᠯᠠᠵᠤ ᠪᠤᠤ ᠭᠠᠨᠭ᠌ ᠪᠠᠶᠠᠷ᠎ᠤᠨ ᠦᠭᠡ ᠬᠡᠯᠡᠵᠡᠢ
12 ᠰᠠᠷ᠎ᠠ᠎ᠶᠢᠨ 23 ᠤ᠋ ᠡᠳᠦᠷ᠂ ᠪᠤᠭᠤᠲᠤ ᠡᠴᠡ ᠢᠷᠭᠠᠢᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ ᠡᠴᠡ ᠬᠣᠶ ᠨᠦᠨᠭᠬᠦᠷᠬᠦ ᠬᠡᠰᠡᠭ᠎ᠦᠨ ᠲᠡᠷᠭᠡ ᠨᠡᠪᠲᠡᠷᠡᠬᠦ ᠶᠣᠰᠣᠯᠠᠯ ᠪᠤᠭᠤᠲᠤ᠎ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ ᠸᠠᠩ ᠸᠧᠢ ᠵᠦᠩ ᠲᠡᠷᠭᠡ ᠨᠡᠪᠲᠡᠷᠡᠬᠦ ᠶᠣᠰᠣᠯᠠᠯ᠎ᠳᠤ ᠣᠷᠣᠯᠴᠠᠵᠤ᠄ ᠪᠤᠭᠤᠲᠤ ᠡᠴᠡ ᠢᠷᠭᠠᠢᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ ᠡᠴᠡ ᠬᠣᠶ ᠨᠦᠨᠭᠬᠦᠷᠬᠦ ᠬᠡᠰᠡᠭ ᠲᠡᠷᠭᠡ ᠨᠡᠪᠲᠡᠷᠡᠯᠠ ᠭᠡᠵᠦ ᠵᠠᠷᠯᠠᠪᠠ᠃

12 ᠰᠠᠷ᠎ᠠ᠎ᠶᠢᠨ 23᠎ᠤ᠋ ᠡᠳᠦᠷ᠂ ᠪᠤᠭᠤᠲᠤ ᠡᠴᠡ ᠢᠷᠭᠠᠢᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ ᠡᠴᠡ ᠬᠣᠶ ᠨᠦᠨᠭᠬᠦᠷᠬᠦ ᠬᠡᠰᠡᠭ ᠵᠢᠩᠬᠢᠨᠢ ᠪᠡᠷ ᠨᠡᠪᠳᠡᠷᠡᠵᠦ᠂ ᠪᠤᠭᠤᠲᠤ ᠡᠴᠡ ᠢᠷᠭᠠᠢᠬᠦᠷᠬᠦ ᠲᠦᠷᠭᠡᠨ᠎ᠦ ᠲᠡᠮᠦᠷ ᠵᠠᠮ ᠪᠦᠬᠦ ᠱᠤᠭᠤᠮ ᠢᠶᠡᠷ ᠲᠡᠷᠭᠡ ᠨᠡᠪᠳᠡᠷᠡᠵᠦ ᠡᠵᠡᠩᠨᠡᠯᠳᠡ᠎ᠳᠦ ᠤᠷᠤᠪᠠ᠃ ᠡᠭᠦᠨ᠎ᠳᠦ ᠬᠥᠬᠡᠬᠣᠲᠠ ᠡᠴᠡ ᠢᠷᠭᠠᠢ ᠬᠦᠷᠬᠦ ᠳ᠋ᠤ ᠬᠠᠮᠤᠭ᠎ᠤᠨ ᠬᠤᠷᠳᠤᠨ᠎ᠳᠠᠭᠠᠨ 4 ᠴᠠᠭ 03 ᠮᠢᠨᠦ᠋ᠲ ᠵᠠᠷᠤᠴᠠᠭᠤᠯᠵᠤ᠂ ᠪᠤᠭᠤᠲᠤ ᠡᠴᠡ ᠢᠷᠭᠠᠢ ᠬᠦᠷᠬᠦ᠎ᠳᠤ ᠬᠠᠮᠤᠭ᠎ᠤᠨ ᠬᠤᠷᠳᠤᠨ᠎ᠳᠠᠭᠠᠨ ᠵᠦᠪᠬᠡᠨ 2 ᠴᠠᠭ 38 ᠮᠢᠨᠦ᠋ᠲ ᠬᠡᠷᠡᠭᠰᠡᠬᠥ ᠪᠤᠯᠪᠠ᠃
ᠳᠤᠰ ᠰᠤᠨᠢᠨ᠎ᠤ ᠰᠤᠷᠪᠤᠯᠵᠢᠯᠠᠭᠴᠢ ᠮᠠ ᠵᠢᠶᠦ᠋ᠨ ᠤ᠋ᠤᠢ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠦ ᠸᠧᠢ᠂ ᠤᠯᠤᠰ᠎ᠤᠨ ᠲᠡᠮᠦᠷ ᠵᠠᠮ᠎ᠤᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠸᠠᠩ ᠯᠢ ᠰᠢᠨ ᠤᠷᠢᠳ ᠬᠣᠵᠢᠳ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠧᠨ ᡁᠢ ᠴᠠᠩ᠂ ᠵᠠᠩ ᠱᠤᠤ ᠴᠦᠨ᠂ ᠵᠠᠩ ᠯᠧᠢ ᠣᠷᠣᠯᠴᠠᠵᠤ᠂ ᠶᠤᠤ ᠶᠦᠩ ᠪᠥᠸᠧ ᠶᠤᠰᠤᠯᠠᠯ᠎ᠢ ᠡᠷᠭᠢᠯᠡᠵᠡᠢ᠃
ᠪᠤᠭᠤᠲᠤ ᠡᠴᠡ ᠢᠷᠭᠠᠢᠬᠦᠷᠬᠦ ᠲᠦᠷᠭᠡᠨ᠎ᠤ ᠲᠡᠮᠦᠷ ᠵᠠᠮ᠎ᠤᠨ ᠪᠤᠭᠤᠳᠤ ᠡᠴᠡ ᠬᠣᠶ ᠨᠦᠨᠭᠬᠦᠷᠬᠦ ᠬᠡᠰᠡᠭ ᠨᠢ ᠪᠤᠭᠤᠲᠤᠦᠷᠳᠡᠬᠡ ᠡᠴᠡ ᠡᠬᠢ ᠠᠪᠴᠤ᠂ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠱᠢ ᠽᠦᠢ ᠱᠠᠨ ᠬᠣᠲᠠ᠎ᠶᠢᠨ ᠬᠣᠶ ᠨᠦᠩ ᠡᠮᠦᠨ᠎ᠡ ᠥᠷᠲᠡᠭᠡ᠎ᠲᠠᠢ ᠵᠠᠯᠭᠠᠵᠤ᠂ ᠵᠠᠮ ᠲᠠᠭᠠᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ᠂ ᠪᠠᠶᠠᠨᠨᠠᠭᠤᠷ ᠬᠣᠲᠠ᠂ ᠣᠷᠳᠣᠰ ᠬᠣᠲᠠ᠂ ᠦᠡᠡᠠᠢ ᠬᠣᠲᠠ᠎ᠪᠠᠷ ᠥᠩᠭᠡᠷᠡᠨ᠂ ᠭᠣᠣᠯ ᠱᠤᠭᠤᠮ᠎ᠤᠨ ᠪᠥᠬᠥ ᠣᠷᠳᠣ᠌ ᠨᠢ 422 ᠺᠢᠯᠣᠮᠧᠲᠷ ᠪᠠᠢᠵᠤ᠂ ᠨᠡᠶ᠋ᠢᠲᠡ 10 ᠲᠡᠷᠭᠡᠨ ᠥᠷᠲᠡᠭᠡ ᠵᠢ ᠲᠤᠬᠢᠷᠠᠭᠤᠯᠪᠠ᠃ ᠲᠡᠷᠬᠡ ᠨᠡᠪᠳᠡᠷᠡᠵᠤ ᠡᠵᠡᠩᠨᠡᠯᠲᠡ᠎ᠪᠡᠨ ᠡᠬᠢᠯᠡᠭᠦᠯᠦᠭᠰᠡᠨ ᠡᠬᠢᠨ᠎ᠦ ᠬᠤᠭᠤᠴᠠᠭᠠᠨ᠎ᠳᠤ᠂ ᠪᠤᠭᠤᠲᠤ ᠡᠴᠡ ᠢᠷᠭᠠᠢᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ ᠡᠴᠡ ᠬᠣᠶ ᠨᠦᠨᠭᠬᠦᠷᠬᠦ ᠬᠡᠰᠡᠭ᠎ᠤᠨ ᠲᠡᠷᠬᠡ ᠠᠶᠠᠯᠠᠬᠤ ᠬᠠᠮᠤᠭ᠎ᠤᠨ ᠥᠨᠳᠥᠷ ᠬᠤᠷᠳᠤᠴᠠ ᠵᠢ 250 ᠺᠢᠯᠣᠮᠧᠲᠷ / ᠴᠠᠭ᠎ᠢᠶᠡᠷ ᠶᠠᠪᠤᠬᠳᠠᠭᠤᠯᠵᠤ᠂ ᠡᠳᠦᠷ ᠪᠦᠷᠢ ᠬᠠᠮᠤᠭ᠎ᠤᠨ ᠤᠯᠠᠨ ᠳ᠋ᠠᠭᠠᠨ 12 ᠴᠤᠪᠤᠭ᠎ᠠ ᠬᠥᠳᠡᠯᠭᠡᠭᠦ ᠬᠦᠴᠦᠨᠲᠦ ᠴᠤᠪᠤᠭ᠎ᠠ ᠲᠡᠷᠭᠡ ᠵᠢ ᠲᠣᠬᠢᠷᠠᠭᠤᠯᠬᠤ ᠪᠣᠯᠣᠨ᠎ᠠ᠃ ᠪᠤᠭᠤᠲᠤ ᠡᠴᠡ ᠢᠷᠭᠠᠢ ᠬᠦᠷᠬᠦ᠎ᠳᠤ ᠬᠠᠮᠤᠭ᠎ᠤᠨ ᠬᠤᠷᠳᠤᠨ᠎ᠳᠠᠭᠠᠨ 2 ᠴᠠᠭ 38 ᠮᠢᠨᠦ᠋ᠲ᠎ᠤᠨ ᠳᠤᠳᠤᠷ᠎ᠠ ᠬᠦᠷᠴᠦ᠍᠂ ᠤᠤᠯ᠎ᠤᠨ ᠬᠠᠮᠤᠭ᠎ᠤᠨ ᠬᠤᠷᠳᠤᠨ ᠭᠠᠯᠲᠤ ᠲᠡᠷᠭᠡ᠎ᠶᠢᠨ ᠵᠠᠷᠤᠴᠠᠭᠤᠯᠬᠤ ᠴᠠᠭ ᠡᠴᠡ 3 ᠴᠠᠭ 20 ᠮᠢᠨᠦ᠋ᠲ ᠪᠤᠭᠤᠨᠢᠰᠪᠠ᠃ ᠬᠥᠬᠡᠬᠣᠲᠠ ᠡᠴᠡ ᠢᠷᠭᠠᠢ᠂ ᠯᠠᠨᠵᠧᠦ᠍ᠳᠦ ᠬᠦᠷᠬᠦ ᠳ᠋ᠤ ᠬᠠᠮᠤᠭ᠎ᠤᠨ ᠬᠤᠷᠳᠤᠨ᠎ᠳᠠᠭᠠᠨ ᠲᠤᠰ ᠲᠤᠰ 4 ᠴᠠᠭ 03 ᠮᠢᠨᠦ᠋ᠲ᠂ 7 ᠴᠠᠭ 27 ᠮᠢᠨᠦ᠋ᠲ᠎ᠤᠨ ᠴᠠᠭ ᠬᠡᠷᠡᠭᠰᠡᠵᠦ᠂ ᠤᠤᠯ᠎ᠤᠨ ᠬᠠᠮᠤᠭ᠎ᠤᠨ ᠬᠤᠷᠳᠤᠨ ᠭᠠᠯᠲᠤ ᠲᠡᠷᠭᠡ᠎ᠲᠡᠶ ᠬᠠᠷᠢᠴᠠᠭᠤᠯᠪᠠᠯ ᠲᠤᠰ ᠲᠤᠰ 3 ᠴᠠᠭ 54 ᠮᠢᠨᠦ᠋ᠲ᠂ 2 ᠴᠠᠭ 59 ᠮᠢᠨᠦ᠋ᠲ ᠪᠤᠭᠤᠨᠢᠰᠪᠠ᠃
ᠣᠢᠯᠠᠭᠠᠭ᠍ᠰᠠᠨ᠎ᠢᠶᠠᠷ᠂ ᠪᠤᠭᠤᠲᠤ ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ ᠡᠴᠡ ᠬᠤᠢ ᠨᠦᠩ ᠬᠦᠷᠬᠦ ᠬᠡᠰᠡᠭ ᠪᠣᠯ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠣᠣᠷ᠎ᠤᠨ ᠪᠡᠭᠡᠵᠢᠩ ᠡᠴᠡ ᠯᠠᠨᠵᠧᠦ ᠬᠦᠷᠬᠦ ᠵᠠᠮ ᠱᠤᠭᠤᠮ᠎ᠤᠨ ᠭᠣᠣᠯ ᠪᠦᠷᠢᠯᠳᠦᠬᠦᠨ ᠬᠡᠰᠡᠭ ᠪᠠᠢᠵᠤ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠭᠣᠣᠯᠳᠠᠯᠭ᠎ᠠ᠎ᠲᠠᠶ ᠲᠦᠷᠦᠯ ᠵᠦᠢᠯ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠪᠠᠷᠠᠭᠤᠨᠰᠢ ᠪᠠᠨ ᠣᠷᠣᠨ ᠡᠴᠡ ᠭᠠᠷᠬᠤ ᠴᠢᠬᠤᠯᠠ ᠵᠠᠮ ᠪᠣᠯᠤᠨ᠎ᠠ᠃ ᠪᠤᠭᠤᠲᠤ ᠡᠴᠡ ᠢᠷᠭᠠᠶ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ ᠡᠴᠡ ᠬᠤᠢ ᠨᠦᠩ ᠬᠦᠷᠬᠦ ᠬᠡᠰᠡᠭ᠎ᠤᠨ ᠲᠡᠷᠭᠡ ᠨᠡᠪᠲᠡᠷᠡᠭᠰᠡᠨ᠎ᠨᠢ ᠪᠤᠭᠤᠲᠤ ᠡᠴᠡ ᠢᠷᠭᠠᠶ ᠬᠦᠷᠬᠦ ᠲᠦᠷᠭᠡᠨ᠎ᠦ ᠲᠡᠮᠦᠷ ᠵᠠᠮᠪᠥᠬᠥ᠌ ᠱᠤᠭᠤᠮ᠎ᠢᠶᠡᠷ ᠵᠢᠩᠬᠢᠨᠢ᠎ᠪᠡᠷ ᠲᠡᠷᠬᠡ ᠨᠡᠪᠲᠡᠷᠡᠵᠦ᠍᠂ ᠪᠡᠭᠡᠵᠢᠩ᠎ᠡᠴᠡ ᠯᠠᠨᠵᠧᠸ᠋ ᠬᠥᠷᠬᠥ᠌ ᠲᠦᠷᠭᠡᠨ᠎ᠦ ᠲᠡᠮᠦᠷ ᠵᠠᠮ ᠪᠥᠬᠥ᠌ ᠱᠤᠭᠤᠮ᠎ᠢᠶᠡᠷ ᠲᠡᠷᠬᠡ ᠨᠡᠪᠲᠡᠷᠡᠵᠦ᠍᠂ ᠥᠪᠥᠷ ᠮᠣᠩᠭᠣᠯ᠎ᠤᠨ ᠪᠠᠶᠠᠨᠨᠠᠭᠤᠷ ᠬᠣᠲᠠ᠂ ᠦᠬᠠᠶ ᠬᠣᠲᠠ ᠲᠦᠷᠭᠡᠨ᠎ᠦ ᠲᠡᠮᠦᠷ ᠵᠠᠮ᠎ᠤᠨ ᠴᠠᠭ ᠦᠶ᠎ᠡ᠎ᠳᠦ ᠤᠷᠤᠭ᠍ᠰᠠᠨ᠎ᠢ ᠬᠠᠷᠠᠭᠤᠯᠵᠤ᠂ ᠥᠪᠥᠷ ᠮᠣᠩᠭᠣᠯ᠎ᠤᠨ ᠪᠠᠷᠠᠭᠤᠨ ᠪᠡᠶ᠎ᠡ ᠵᠢᠨ ᠭᠠᠵᠠᠷ ᠣᠷᠣᠨ᠎ᠤ ᠣᠯᠠᠨ ᠲᠦᠮᠡᠨ᠎ᠦ ᠶᠠᠪᠤᠵᠤ ᠰᠠᠭᠤᠬᠤ ᠨᠥᠬᠥᠴᠡᠯ᠎ᠢ ᠪᠦᠲᠦᠮᠵᠢᠲᠡᠶ ᠰᠠᠢᠵᠢᠷᠠᠭᠤᠯᠬᠤ ᠪᠤᠯᠤᠨ᠎ᠠ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠴᠠᠭ ᠦᠶ᠎ᠡ᠎ᠶ᠋ᠢᠨ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠦ ᠬᠦᠴᠦᠨ ᠨᠡᠮᠡᠷᠢᠯᠡᠬᠦ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃