—《ᠦᠨᠳᠦᠰᠦᠲᠡᠨ᠎ᠨᠦᠭᠦᠳ᠎ᠦᠨ ᠵᠠᠯᠠᠭᠤ ᠰᠤᠷᠪᠤᠯᠵᠢᠯᠠᠭ᠍ᠴᠢᠳ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠷᠠᠬᠤᠢ》 ᠠᠵᠢᠯᠯᠠᠭ᠎ᠠ ᠵᠢᠨ ᠡᠷᠬᠢᠴᠡᠬᠦᠯᠦᠯ
2023 ᠤᠨ᠎ᠤ 9 ᠰᠠᠷ᠎ᠠ᠎ᠶ᠋ᠢᠨ 19 ᠤ᠋ ᠡᠳᠦᠷ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠪᠣᠯᠤᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠬᠠᠮᠲᠤᠷᠠᠨ 《ᠦᠨᠳᠦᠰᠦᠲᠡᠨ᠎ᠨᠦᠭᠦᠳ᠎ᠦᠨ ᠵᠠᠯᠠᠭᠤ ᠰᠤᠷᠪᠤᠯᠵᠢᠯᠠᠭ᠍ᠴᠢᠳ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠷᠠᠬᠤᠢ》 ᠠᠵᠢᠯᠯᠠᠭ᠎ᠠ ᠵᠢ ᠡᠬᠢᠯᠡᠬᠦᠯᠵᠤ᠂ ᠲᠣᠰ ᠠᠵᠢᠯᠯᠠᠭ᠎ᠠ᠎ᠨᠢ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢᠨ 2023 ᠣᠨ᠎ᠤ ᠪᠥᠬᠥ᠌ ᠤᠯᠤᠰ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ》᠎ᠢ᠋ᠢᠡᠷ ᠰᠤᠨᠭᠭᠤᠭᠳᠠᠪᠠ᠃

ᠤᠮᠠᠷᠠᠳᠤ ᠬᠢᠯᠢ ᠵᠢᠨ ᠪᠦᠯᠬᠦᠮᠳᠡᠯ ᠲᠠᠪᠰᠢᠯᠳᠠ ᠵᠢᠨ ᠵᠢᠷᠤᠭ ᠲᠦᠷᠰᠦ ᠵᠢ ᠪᠦᠬᠦ ᠤᠯᠤᠰ᠎ᠤᠨ ᠡᠯ᠎ᠡ ᠭᠠᠵᠠᠷ ᠲᠸ᠋ ᠲᠠᠮᠵᠢᠭᠤᠯᠪᠠ
《ᠦᠨᠳᠦᠰᠦᠲᠡᠨ᠎ᠨᠦᠭᠦᠳ᠎ᠦᠨ ᠵᠠᠯᠠᠭᠤ ᠰᠤᠷᠪᠤᠯᠵᠢᠯᠠᠭ᠍ᠴᠢᠳ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠷᠠᠬᠤᠢ》ᠠᠵᠢᠯᠯᠠᠭ᠎ᠠ ᠶᠠᠪᠤᠭᠳᠠᠭᠰᠠᠨ 1 ᠭᠠᠷᠠᠭ᠎ᠤᠨ ᠬᠤᠭᠤᠴᠠᠭᠠᠨ ᠳ᠋ᠤ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠸᠢᠳᠢᠤ᠋ ᠳ᠋ᠤᠭᠠᠷ᠂ ᠲᠠᠯ᠎ᠠ ᠨᠤᠲᠤᠭ᠎ᠤᠨ ᠬᠠᠮ ᠵᠠᠭᠤᠴᠢᠯᠠᠭᠤᠷ᠎ᠤᠨ ᠱᠢᠯᠵᠢᠶ᠎ᠡ ᠡᠴᠡ ᠡᠬᠢᠯᠡᠯᠲᠡ᠎ᠶ᠋ᠢᠨ ᠶᠣᠰᠣᠯᠠᠯ᠎ᠦᠨ ᠱᠢᠭᠤᠳ ᠨᠡᠪᠲᠡᠷᠡᠭᠦᠯᠬᠡ ᠬᠢᠵᠤ᠂ ᠲᠠᠯ᠎ᠠ ᠨᠤᠲᠤᠭ᠎ᠤᠨ ᠬᠠᠮ ᠵᠠᠭᠤᠴᠢᠯᠠᠭᠤᠷ᠂ ᠥᠪᠥᠷ ᠮᠣᠩᠭᠣᠯ᠎ᠤᠨ ᠰᠣᠨᠢᠨ ᠮᠡᠳᠡᠭᠡᠨ᠎ᠦ ᠰᠦᠯᠵᠢᠶ᠎ᠡ᠎ᠳᠦ 4 ᠲᠤᠰᠬᠠᠢ ᠰᠡᠳᠤᠪᠳᠤ ᠰᠢᠨ᠎ᠠ ᠵᠠᠭᠤᠴᠢᠯᠠᠭᠤᠷ᠎ᠦᠨ ᠪᠦᠳᠦᠭᠡᠭᠳᠡᠬᠦᠨ᠎ᠢ ᠦᠢᠯᠡᠳᠴᠤ᠂ ᠤᠬᠤᠷ ᠸᠢᠳᠢᠤ᠋ ᠨᠡᠢᠲᠡ 15 ᠵᠤᠷᠪᠤᠰ ᠤᠳᠠᠭ᠎ᠠ ᠨᠡᠢᠲᠡᠯᠡᠪᠡ; 《ᠥᠪᠥᠷ ᠮᠣᠩᠭᠣᠯ᠎ᠤᠨ ᠡᠳᠦᠷ᠎ᠦᠨ ᠰᠣᠨᠢᠨ》 ᠳ᠋ᠤ 2 ᠬᠤᠭᠤᠴᠠᠭ᠎ᠠ ᠪᠦᠬᠦᠯᠢ ᠨᠢᠭᠤᠷ᠎ᠦᠨ ᠵᠢᠷᠤᠭᠳᠤ ᠮᠡᠳᠡᠭᠡᠯᠡᠯ᠎ᠢᠶᠡᠷ ᠤᠬᠠᠭᠠᠯᠠᠨ ᠮᠡᠳᠡᠭᠡᠯᠡᠵᠤ᠂ ᠠᠵᠢᠯᠯᠠᠭ᠎ᠠ᠎ᠶ᠋ᠢᠨ ᠲᠤᠬᠠᠢ ᠰᠣᠨᠢᠨ ᠮᠡᠳᠡᠭᠡ ᠵᠢ 5 ᠬᠤᠪᠢ ᠨᠠᠢᠳᠡᠯᠡᠵᠤ᠂ ᠠᠵᠢᠯᠯᠠᠭ᠎ᠠ ᠵᠢᠨ ᠦᠳᠭᠡᠨ ᠵᠤᠵᠠᠭᠠᠨ ᠠᠭᠤᠷ ᠠᠮᠢᠰᠬᠤᠯ᠎ᠢ ᠪᠤᠢ ᠪᠤᠯᠭᠠᠵᠠᠢ᠃ ᠪᠥᠬᠥ᠌ ᠤᠯᠤᠰ᠎ᠦᠨ ᠡᠯ᠎ᠠ ᠭᠠᠵᠠᠷ ᠡᠴᠡ ᠬᠦᠷᠦᠯᠴᠠᠨ ᠢᠷᠡᠭ᠌ᠰᠡᠨ 40 ᠭᠠᠷᠤᠶ ᠵᠠᠭᠤᠴᠢᠯᠠᠭᠤᠷ᠎ᠦᠨ ᠵᠠᠯᠠᠭᠤ ᠰᠤᠷᠪᠤᠯᠵᠢᠯᠠᠭᠴᠢᠳ ᠨᠡᠢᠲᠡ 350 ᠭᠠᠷᠤᠶ ᠬᠤᠪᠢ ᠡᠬᠡ ᠪᠢᠴᠢᠭ ᠰᠤᠷᠪᠤᠯᠵᠢᠯᠠᠨ ᠮᠡᠳᠡᠭᠡᠯᠡᠵᠤ᠂ ᠪᠥᠬᠥ᠌ ᠰᠦᠯᠵᠢᠶᠡᠨ᠎ᠦ ᠳᠠᠮᠵᠢᠭᠤᠯᠭ᠎ᠠ᠎ᠶ᠋ᠢᠨ ᠬᠡᠮᠵᠢᠶ᠎ᠡ ᠨᠢ 8000 ᠲᠦᠮᠡ᠎ᠶ᠋ᠢ ᠳᠠᠪᠠᠵᠤ᠂ ᠣᠷᠣᠨ᠎ᠤ ᠲᠤᠳᠤᠨ᠎ᠠ ᠭᠠᠳᠠᠨᠠᠬᠢ ᠵᠠᠭᠤᠴᠢᠯᠠᠭᠤᠷ ᠲᠠᠢ ᠠᠳᠠᠯᠢ ᠳᠠᠪᠲᠠᠮᠵᠢ᠎ᠪᠠᠷ ᠬᠣᠯᠪᠣᠭᠠᠯᠠᠨ ᠳᠠᠮᠵᠢᠭᠤᠯᠵᠤ᠂ ᠡᠭᠡ ᠤᠯᠤᠰ᠎ᠤᠨ ᠤᠮᠠᠷᠠᠳᠤ ᠬᠢᠯᠢ ᠵᠢᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠵᠢᠷᠤᠭ ᠲᠦᠷᠰᠦ ᠵᠢ ᠪᠦᠬᠦ ᠤᠯᠤᠰ᠎ᠤᠨ ᠡᠯ᠎ᠡ ᠭᠠᠵᠠᠷ ᠲᠸ᠋ ᠲᠠᠮᠵᠢᠭᠤᠯᠪᠠ᠃

《ᠦᠪᠦᠷ ᠮᠤᠨᠭᠭᠤᠯ᠎ᠦᠨ ᠡᠳᠤᠷ᠎ᠦᠨ ᠰᠤᠨᠢᠨ》 ᠪᠤᠯ ᠲᠤᠮᠳᠠᠳᠤ ᠤᠯᠤᠰ᠎ᠦᠨ ᠡᠪ ᠬᠠᠮᠳᠤ ᠨᠠᠮ᠎ᠦᠨ ᠦᠪᠦᠷ ᠮᠤᠨᠭᠭᠤᠯ᠎ᠦᠨ ᠦᠪᠡᠷᠳᠡᠭᠡᠨ ᠵᠠᠰᠠᠬᠤ ᠤᠷᠤᠨ᠎ᠤ ᠬᠤᠷᠢᠶ᠎ᠠ ᠵᠢᠨ ᠪᠠᠢᠭᠤᠯᠭ᠎ᠠ ᠵᠢᠨ ᠰᠤᠨᠢᠨ ᠪᠠᠢᠵᠤ᠂ 1948 ᠣᠨ᠎ᠤ 1 ᠰᠠᠷ᠎ᠠ᠎ᠶ᠋ᠢᠨ 1ᠤ᠋ᠡᠳᠦᠷ ᠤᠯᠠᠭᠠᠨᠬᠣᠲᠠ᠎ᠳᠤ ᠵᠢᠩᠬᠢᠨᠢ᠎ᠪᠡᠷ ᠬᠡᠪᠯᠡᠯ ᠡᠬᠢᠯᠡᠵᠡᠢ᠃ 77 ᠵᠢᠯ᠎ᠦᠨ ᠬᠥᠭ᠌ᠵᠢᠯᠲᠡ᠎ᠪᠡᠷ ᠳᠡᠮᠵᠢᠨ᠂ ᠠᠩᠬ᠎ᠠ ᠡᠬᠢᠨ᠎ᠤ ᠨᠢᠭᠡ ᠬᠤᠪᠢ ᠰᠣᠨᠢᠨ ᠡᠴᠡ ᠣᠲᠣ᠎ᠶ᠋ᠢᠨ ᠰᠣᠨᠢᠨ᠎ᠢᠶᠠᠷ ᠭᠤᠤᠯ ᠪᠣᠯᠭᠠᠭ᠍ᠰᠠᠨ᠂ ᠰᠦᠯᠵᠢᠶ᠎ᠡ᠎ᠪᠡᠷ ᠲᠤᠯᠭᠠᠭᠤᠷᠢ ᠪᠣᠯᠭᠠᠭ᠍ᠰᠠᠨ᠂ ᠰᠢᠯᠵᠢᠶ᠎ᠠ ᠪᠡᠷ ᠲᠤᠭ᠍ᠴᠢ ᠪᠣᠯᠭᠠᠭ᠍ᠰᠠᠨ᠂ ᠭᠤᠷᠪᠠᠳᠠᠬᠢ ᠡᠲᠡᠭᠡᠳ᠎ᠦᠨ ᠲᠠᠩᠰᠠᠨ ᠨᠣᠮᠧᠷ᠎ᠦᠨ ᠲᠠᠪᠴᠠᠩ᠎ᠢᠶᠠᠷ ᠥᠷᠭᠡᠳᠭᠡᠯ ᠪᠤᠯᠭᠠᠭᠰᠠᠨ ᠱᠢᠨ᠎ᠡ ᠬᠡᠯᠪᠡᠷᠢ᠎ᠶ᠋ᠢᠨ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠵᠢᠭ᠍ᠰᠠᠭᠠᠯ ᠪᠣᠯᠤᠭ᠍ᠰᠠᠨ ᠪᠠᠢᠨ᠎ᠠ᠃ ᠣᠳᠣᠬᠠᠨ᠎ᠳᠤ᠂ 10 ᠳᠣᠲᠣᠭᠠᠳᠤ ᠤᠬᠠᠭᠤᠯᠭ᠎ᠠ᠎ᠶ᠋ᠢᠨ ᠲᠠᠪᠴᠠᠩ᠄ 4 ᠰᠣᠨᠢᠨ᠂ 3 ᠰᠦᠯᠵᠢᠢ᠎ᠡ᠂ 2 ᠰᠢᠯᠵᠢᠶ᠎ᠠ᠂ 1 ᠰᠡᠳᠬᠦᠯ᠂ 4 ᠭᠠᠳᠠᠭᠠᠳᠤ ᠤᠬᠠᠭᠤᠯᠭ᠎ᠠ᠎ᠶ᠋ᠢᠨ ᠲᠠᠪᠴᠠᠩ ᠪᠤᠢ᠃ ᠡᠬᠦᠨ᠎ᠤ ᠬᠠᠮᠳᠤ᠂ ᠪᠠᠰᠠ ᠴᠤᠤᠷᠢᠶ᠎ᠠ᠂ ᠪᠢᠴᠢᠯ ᠪᠦᠷᠭᠡ᠂ ᠵᠢᠷᠬᠢᠶ᠎ᠠ ᠵᠢᠨ ᠨᠡᠢᠲᠡ᠎ᠶ᠋ᠢᠨ ᠲᠠᠪᠴᠠᠩ ᠵᠡᠷᠭᠡ 31 ᠭᠤᠷᠪᠠᠳᠠᠬᠢ ᠡᠲᠡᠭᠡᠳ᠎ᠦᠨ ᠲᠠᠩᠰᠠᠨ ᠨᠣᠮᠧᠷ᠎ᠦᠨ ᠲᠠᠪᠴᠠᠩ ᠲᠠᠢ᠂ ᠪᠥᠬᠥ᠌ ᠣᠷᠣᠨ᠎ᠳᠤ ᠬᠠᠮᠤᠭ᠎ᠤᠨ ᠨᠥᠯᠥᠭᠡᠯᠡᠬᠦ᠌ ᠬᠦᠴᠦᠨ ᠪᠠ ᠳᠠᠮᠵᠢᠭᠤᠯᠬᠤ ᠬᠦᠴᠦᠨ᠎ᠲᠡᠶ ᠨᠠᠮ᠎ᠤᠨ ᠵᠠᠭᠤᠴᠢᠯᠠᠭᠤᠷ᠎ᠤᠨ ᠨᠢᠭᠡ ᠪᠣᠯᠤᠨ᠎ᠠ᠃ ᠤᠯᠠᠨ ᠵᠢᠯ᠎ᠤᠨ ᠲᠤᠷᠰᠢ᠂ ᠨᠠᠮ᠎ᠤᠨ ᠲᠠᠭᠤᠨ ᠬᠤᠭᠤᠯᠠᠢ ᠵᠢᠨ ᠦᠢᠯᠡᠳᠦᠯ ᠵᠢᠨᠨ ᠬᠦᠢᠴᠡᠳ ᠪᠠᠳᠠᠷᠠᠭᠤᠯᠵᠤ᠂ 《ᠬᠤᠶᠠᠷ᠎ᠢ ᠲᠤᠭᠳᠠᠭᠠᠭᠰᠠᠨ》᠎ᠢ᠋ ᠡᠷᠡᠰ ᠬᠦᠷᠢᠶᠡᠯᠡᠵᠦ᠂ 《ᠵᠢᠷᠭᠤᠭᠠᠨ ᠦᠬᠦᠯᠡᠪᠦᠷᠢ》 ᠵᠢᠨ ᠤᠴᠢᠷ ᠶᠤᠰᠤ ᠵᠢ ᠪᠦᠬᠦ ᠲᠠᠯ᠎ᠠ ᠪᠡᠷ ᠤᠬᠠᠭᠤᠯᠤᠨ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠵᠢ ᠨᠢᠳᠦᠨ ᠳ᠋ᠤ ᠦᠵᠡᠭᠳᠡᠮ᠎ᠡ ᠭᠠᠷ ᠲᠸ᠋ ᠪᠠᠷᠢᠭᠳᠠᠮ᠎ᠠ ᠰᠡᠳᠬᠢᠯ ᠳ᠋ᠤ ᠰᠠᠭᠤᠭᠳᠠᠮ᠎ᠠ ᠬᠢᠵᠦ᠂ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ᠎ᠢ ᠪᠦᠬᠦ ᠲᠠᠯ᠎ᠠ ᠪᠡᠷ ᠪᠦᠳᠦᠭᠡᠨ ᠪᠠᠢᠭᠤᠯᠬᠤ》 ᠰᠠᠢᠨ ᠰᠠᠢᠬᠠᠨ ᠠᠭᠤᠷ ᠠᠮᠢᠰᠬᠤᠯ᠎ᠢ ᠦᠳᠭᠡᠨ ᠵᠤᠵᠠᠭᠠᠨ ᠪᠤᠢ ᠪᠤᠯᠭᠠᠵᠠᠢ᠃
ᠦᠨᠳᠦᠰᠦᠳᠡᠨ ᠨᠤᠬᠦᠳ᠎ᠤᠨ ᠵᠠᠯᠠᠭᠤ ᠰᠤᠷᠪᠤᠯᠵᠢᠯᠠᠭᠴᠢᠳ ᠲᠸ᠋ ᠦᠪᠦᠷ ᠮᠤᠩᠭᠤᠯ᠎ᠢ ᠬᠦᠨᠵᠡᠭᠡᠢ ᠲᠠᠨᠢᠭᠤᠯᠪᠠ
《ᠦᠨᠳᠦᠰᠦᠲᠡᠨ᠎ᠨᠦᠭᠦᠳ᠎ᠦᠨ ᠵᠠᠯᠠᠭᠤ ᠰᠤᠷᠪᠤᠯᠵᠢᠯᠠᠭ᠍ᠴᠢᠳ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠷᠠᠬᠤᠢ》ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠵᠠᠯᠠᠭᠤ ᠰᠣᠷᠪᠣᠯᠵᠢᠯᠠᠭ᠍ᠴᠢᠳ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠵᠠᠭᠪᠤᠷ᠎ᠢ ᠲᠡᠰ ᠲᠡᠪᠰᠢᠬᠦᠯᠬᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠶ᠋ᠢ ᠪᠠᠳᠠᠷᠠᠭᠤᠯᠬᠤ᠂ 《ᠤᠮᠠᠷᠠᠲᠤ ᠬᠢᠯᠢ᠎ᠶ᠋ᠢᠨ ᠰᠣᠶᠣᠯ》᠎ᠤ᠋ᠨ ᠲᠦᠷᠦᠯ ᠲᠡᠮᠳᠡᠭ᠎ᠢ ᠴᠣᠭ᠍ᠴᠠᠯᠠᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠬᠢᠯᠢ ᠬᠢᠵᠠᠭᠠᠷ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠠᠬᠢᠭᠤᠯᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠲᠣᠭᠣᠷᠢᠨ᠎ᠳᠤ᠂ ᠬᠣᠷᠢᠨᠭᠡᠷ ᠱᠢᠨ᠎ᠡ ᠲᠣᠭᠣᠷᠢᠭ᠎ᠤᠨ ᠬᠣᠲᠠ᠎ᠶ᠋ᠢᠨ ᠪᠤᠳᠤᠯᠳᠠ ᠵᠢᠨ ᠬᠦᠴᠦᠨ᠎ᠤ ᠲᠦᠪ᠂ ᠬᠥᠬᠡᠬᠣᠲᠠ ᠵᠢᠨ ᠣᠪᠣᠭ᠎ᠠ ᠲᠤᠰᠬᠤᠨ᠂ ᠢᠯᠢ ᠠᠮᠢ ᠠᠬᠤᠶ ᠡᠷᠡᠭᠦᠯ ᠮᠡᠨᠳᠦ᠍᠎ᠶ᠋ᠢᠨ ᠬᠥᠨᠳᠡᠶ᠂ ᠪᠤᠭᠤᠲᠤ᠎ᠶ᠋ᠢᠨ ᠪᠣᠯᠣᠳ ᠲᠡᠮᠦᠷ᠎ᠦᠨ ᠳᠡᠯᠭᠡᠨ ᠦᠵᠡᠭᠦᠯᠭᠡ ᠵᠢᠨ ᠣᠷᠳᠣᠨ᠂ ᠭᠦᠶᠡᠩ ᠱᠢᠶᠠᠨ᠎ᠤ ᠪᠤᠭᠤᠳᠤ᠎ᠳᠦ ᠰᠠᠭᠤᠭ᠎ᠠ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠣᠷᠳᠣᠰ᠎ᠤᠨ ᠡᠵᠡᠨ ᠬᠣᠷᠣᠭᠠᠬᠤᠰᠢᠭᠤᠨᠤ ᠤᠯᠠᠭᠠᠨᠮᠥ᠋ᠴᠢᠷ᠂ ᠬᠢᠶ᠎ᠠ ᠪᠠᠭ᠍ᠰᠢ ᠱᠢᠨ᠎ᠡ ᠲᠣᠭᠣᠷᠢᠭ᠂ ᠣᠷᠳᠣᠰ᠎ᠤᠨ ᠬᠤᠤᠰ ᠨᠡᠭᠦᠷᠡᠰᠦᠲᠥ᠋ᠷᠥᠭ᠌ᠴᠢᠲᠦ ᠠᠵᠤ ᠦᠶ᠋ᠯᠡᠰ᠎ᠦᠨ ᠬᠦᠷᠢᠶᠡᠯᠡᠩ ᠵᠡᠷᠭᠡ ᠬᠥᠬᠡᠬᠣᠲᠠ ᠪᠤᠭᠤᠲᠤ ᠣᠷᠳᠣᠰ᠎ᠤ᠋ᠨ ᠠᠷᠪᠠᠨ ᠬᠡᠳᠦᠨ ᠦᠨᠳᠦᠰᠦᠨ ᠱᠠᠲᠤᠨ᠎ᠤ ᠨᠢᠭᠡᠴᠢ ᠳ᠋ᠤ ᠭᠦᠨᠵᠡᠭᠡᠢᠷᠡᠨ ᠣᠯᠠᠨ ᠲᠠᠯᠠᠲᠤ᠂ ᠭᠦᠨ ᠳᠠᠪᠬᠤᠷᠭ᠎ᠠ᠎ᠶ᠋ᠢᠨ ᠰᠤᠷᠪᠤᠯᠵᠢᠯᠠᠭ᠎ᠠ ᠥᠷᠨᠢᠭᠦᠯᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ᠂ ᠤᠯᠠᠨ ᠬᠠᠷᠠᠭᠠᠰᠤ ᠡᠴᠡ ᠬᠦᠨᠵᠡᠭᠡᠢ ᠪᠡᠶᠡᠴᠢᠯᠡᠨ ᠤᠢᠯᠠᠭᠠᠪᠠ᠃ ᠡᠭᠦᠨ᠎ᠳᠦ᠂ ᠱᠢᠨᠬᠤᠸᠠ ᠰᠦᠯᠵᠢᠶ᠎ᠡ᠂ ᠠᠷᠠᠳ᠎ᠤᠨ ᠡᠳᠦᠷ᠎ᠦᠨ ᠰᠣᠨᠢᠨ᠎ᠤ ᠭᠠᠳᠠᠭᠠᠳᠤ ᠳ᠋ᠤ ᠬᠠᠨᠳᠤᠭᠤᠯᠤᠭᠰᠠᠨ ᠰᠦᠯᠵᠢᠶ᠎ᠡ᠂ ᠳᠤᠮᠳᠠᠳᠤ ᠤᠯᠤᠰ᠎ᠤᠨ ᠰᠦᠯᠵᠢᠶ᠎ᠡ᠂ ᠳᠤᠮᠳᠠᠳᠤ᠎ᠶ᠋ᠢᠨ ᠰᠦᠯᠵᠢᠶ᠎ᠡ ᠵᠡᠷᠭᠡ ᠲᠥᠪ᠎ᠦᠨ ᠲᠡᠰ᠎ᠤᠨ ᠵᠠᠭᠤᠴᠢᠯᠠᠭᠤᠷ 58 ᠬᠤᠪᠢ ᠡᠬᠡ ᠪᠢᠴᠢᠭ ᠰᠤᠷᠪᠤᠯᠵᠢᠯᠠᠨ ᠨᠡᠢᠳᠡᠯᠡᠪᠠ; 《ᠲᠥᠪᠡᠳ᠎ᠦᠨ ᠡᠳᠦᠷ᠎ᠦᠨ ᠰᠣᠨᠢᠨ》᠂ 《ᠨᠢᠩᠱᠢᠶᠠ᠎ᠶ᠋ᠢᠨ ᠡᠳᠦᠷ᠎ᠦᠨ ᠰᠣᠨᠢᠨ》᠂ 《ᠭᠤᠸᠠᠩᠰᠢ᠎ᠶ᠋ᠢᠨ ᠡᠳᠦᠷ᠎ᠦᠨ ᠰᠣᠨᠢᠨ》᠂ 《ᠱᠠᠨ ᠰᠢ᠎ᠶ᠋ᠢᠨ ᠡᠳᠦᠷ᠎ᠦᠨ ᠰᠣᠨᠢᠨ》᠂ 《ᠴᠢ ᠯᠦ᠍ ᠣᠷᠣᠶ᠎ᠶ᠋ᠢᠨ ᠰᠣᠨᠢᠨ》 ᠵᠡᠷᠭᠡ ᠠᠵᠢᠯ ᠲᠥᠷᠥᠯ᠎ᠦᠨ ᠰᠣᠨᠢᠨ᠂ ᠮᠤᠵᠢ᠎ᠶ᠋ᠢᠨ ᠰᠣᠨᠢᠨ ᠵᠢᠴᠢ ᠳ᠋ᠦᠩ ᠹᠠᠩ ᠰᠦᠯᠵᠢᠶ᠎ᠡ᠂ ᠬᠤᠸᠠ ᠯᠦᠩ ᠰᠦᠯᠵᠢᠶ᠎ᠡ᠂ ᠲᠠᠩᠰᠤᠭ ᠰᠠᠢᠬᠠᠨ ᠭᠦᠶ᠋ᠵᠧᠸ᠋ ᠰᠦᠯᠵᠢᠶ᠎ᠡ ᠵᠡᠷᠭᠡ ᠵᠠᠭᠤᠴᠢᠯᠠᠭᠤᠷ᠎ᠤᠨ ᠬᠢᠨ 233 ᠵᠤᠷᠪᠤᠰ ᠡᠬᠡ ᠪᠢᠴᠢᠭ ᠨᠡᠢᠳᠡᠯᠡᠪᠠ; ᠲᠸᠩ ᠱᠢᠶᠦ᠋ᠨ·ᠥᠪᠥᠷ ᠮᠣᠩᠭᠣᠯ᠂ ᠤᠮᠠᠷᠠᠲᠤ ᠬᠢᠯᠢ᠎ᠶ᠋ᠢᠨ ᠰᠣᠨᠢᠨ ᠮᠡᠳᠡᠭᠡᠨ᠎ᠦ ᠰᠦᠯᠵᠢᠶ᠎ᠡ ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠭᠤᠴᠢᠯᠠᠭᠤᠷ 74 ᠬᠤᠪᠢ ᠡᠬᠡ ᠪᠢᠴᠢᠭ ᠨᠡᠢᠳᠡᠯᠡᠵᠤ᠂ ᠨᠡᠢᠭᠡᠮ᠎ᠦᠨ ᠳᠠᠮᠵᠢᠭᠤᠯᠭ᠎ᠠ᠎ᠶ᠋ᠢᠨ ᠦᠷ᠎ᠡ ᠪᠦᠲᠦᠮᠵᠢ ᠢᠯᠡᠳᠲᠡ ᠪᠣᠯᠪᠠ᠃
ᠦᠨᠳᠦᠰᠦᠳᠡᠨ ᠨᠤᠬᠦᠳ᠎ᠤᠨ ᠵᠠᠯᠠᠭᠤ ᠰᠤᠷᠪᠤᠯᠵᠢᠯᠠᠭᠴᠢᠳ᠎ᠤᠨ ᠰᠤᠯᠢᠯᠴᠠᠭ᠎ᠠ ᠵᠢ ᠴᠢᠩᠭᠠᠳᠬᠠᠵᠤ ᠨᠦᠬᠦᠷᠯᠡᠯ᠎ᠢ ᠵᠤᠵᠠᠭᠠᠳᠬᠠᠪᠠ
《ᠠᠵᠠ᠎ᠪᠠᠷ ᠡᠨᠡ ᠤᠳᠠᠭ᠎ᠠ᠎ᠶ᠋ᠢᠨ ᠠᠵᠢᠯᠯᠠᠭ᠎ᠠ᠎ᠳᠤ ᠣᠷᠣᠯᠴᠠᠭᠰᠠᠨ ᠳ᠋ᠠᠭᠠᠨ ᠮᠠᠰᠢ ᠪᠠᠶᠠᠷᠯᠠᠵᠤ ᠪᠠᠢᠨ᠎ᠠ᠂ ᠨᠠᠳᠠ ᠳ᠋ᠤ ᠮᠠᠷᠲᠠᠭ᠍ᠳᠠᠰᠢ ᠦᠭᠡᠢ ᠭᠦᠨ ᠰᠠᠭᠤᠭᠳᠠᠯᠦᠯᠡᠳᠡᠭᠡᠵᠠᠢ᠃ ᠨᠢᠭᠡ ᠪᠦᠯᠦᠭ ᠦᠨᠡᠨ ᠪᠤᠲᠠᠲᠠᠢ ᠲᠣᠭ᠎ᠠ ᠪᠠᠷᠢᠮᠲᠠ᠂ ᠦᠨᠡᠨ ᠪᠣᠳᠠᠲᠠᠶ ᠠᠷᠭ᠎ᠠ ᠬᠡᠮᠵᠢᠶ᠎ᠡ᠂ ᠠᠮᠢᠳᠤᠯᠢᠭ ᠵᠢᠱ᠌ᠢᠶᠡᠨᠦᠭᠦᠳ ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤ᠋ ᠨᠡᠮ᠎ᠤᠨ ᠲᠦᠪ ᠬᠤᠷᠢᠶ᠎ᠠ ᠵᠢᠨ ᠨᠢᠭᠡᠳᠦᠯᠳᠡᠢ ᠤᠳᠤᠷᠢᠳᠤᠯᠭ᠎ᠠ ᠲᠤᠤᠷ᠎ᠠ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠠᠮᠲᠤ᠎ᠪᠠᠷ ᠪᠠᠶᠠᠵᠢᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ 〈ᠬᠤᠶᠠᠷ ᠬᠠᠯᠬᠠᠪᠴᠢ〉᠂ 〈ᠬᠤᠶᠠᠷ ᠰᠠᠭᠤᠷᠢᠨ〉᠂ 〈ᠨᠢᠭᠡ ᠪᠡᠬᠢᠯᠡᠯᠳᠡ〉 ᠵᠢ ᠰᠠᠢᠲᠤᠷ ᠬᠢᠵᠦ ᠪᠠᠢᠭ᠎ᠠ ᠠᠮᠢᠳᠤᠯᠢᠭ ᠦᠶ᠋ᠯᠡᠳᠦᠯᠭᠡ᠎ᠶ᠋ᠢ ᠭᠦᠨᠵᠡᠭᠡᠶ ᠣᠢᠯᠠᠭᠠᠪᠠ》 ᠬᠡᠵᠤ 《ᠲᠥᠪᠡᠳ᠎ᠦᠨ ᠡᠳᠦᠷ᠎ᠦᠨ ᠰᠣᠨᠢᠨ》 ᠤ᠋ ᠰᠤᠷᠪᠤᠯᠵᠢᠯᠠᠭ᠍ᠴᠢ ᠸᠠᠩ ᠱᠠᠨ ᠭᠦᠨ ᠲᠥᠷᠥᠭ᠌ᠳᠡᠯ᠎ᠲᠡᠶ ᠶᠠᠷᠢᠯ᠎ᠠ᠃
《ᠱᠢᠨᠵᠢᠶᠠᠩ᠎ᠤᠨ ᠡᠳᠦᠷ᠎ᠦᠨ ᠰᠣᠨᠢᠨ》 ᠤ᠋ ᠲᠩᠷᠢ ᠠᠭᠤᠯᠠ ᠰᠦᠯᠵᠢᠶᠡᠨ᠎ᠦ ᠰᠤᠷᠪᠤᠯᠵᠢᠯᠠᠭ᠍ᠴᠢ ᠸᠠᠩ ᠱᠢᠨ ᠷᠠᠨ᠄ 《ᠲᠤᠬᠠᠶ᠎ᠶ᠋ᠢᠨ ᠭᠠᠵᠠᠷᠲᠸ᠋ ᠰᠤᠷᠪᠤᠯᠵᠢᠯᠠᠬᠤ᠎ᠪᠠᠷ ᠳᠡᠮᠵᠢᠨ ᠮᠠᠰᠢ ᠣᠯᠠᠨ ᠱᠢᠯᠢᠳᠡᠭ ᠠᠵᠤ ᠠᠬᠤᠢᠯᠠᠯ ᠡᠨᠡ ᠬᠦ᠌ ᠨᠤᠲᠤᠭ ᠳᠡᠪᠢᠰᠭᠡᠷ ᠳᠡᠭᠡᠷ᠎ᠡ ᠦᠰᠦᠨ ᠪᠣᠢᠵᠢᠵᠤ᠂ ᠪᠤᠵᠠᠭᠠᠢᠷᠠᠨ ᠬᠦᠴᠦᠷᠭᠡᠭᠵᠢᠵᠤ᠂ ᠭᠦᠨ ᠦᠨᠳᠤᠰᠦᠯᠡᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠲᠠᠢ ᠮᠥᠷᠥ᠍ ᠵᠡᠷᠭᠡᠴᠡᠨᠭᠠᠷ ᠬᠣᠯᠪᠤᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠥᠲᠥᠭᠡᠨ ᠪᠠᠢᠭᠤᠯᠵᠤ ᠪᠠᠢᠭ᠎ᠠ ᠰᠡᠳᠭᠢᠯ ᠬᠥᠳᠡᠯᠭᠡᠮ᠎ᠡ ᠵᠢᠷᠤᠭ ᠲᠦᠷᠰᠦ ᠵᠢ ᠨᠢᠳᠦ ᠪᠡᠷ ᠵᠢᠡᠨ ᠦᠵᠡᠵᠦ ᠰᠡᠳᠬᠢᠯ ᠳ᠋ᠡᠭᠡᠨ ᠰᠢᠩᠭᠡᠭᠡᠯᠡ》 ᠬᠡᠵᠤ ᠰᠡᠳᠬᠢᠯ ᠲᠤᠭᠳᠤᠯᠤᠩᠭᠤᠢ ᠶᠠᠷᠢᠪᠠ᠃
ᠲᠠᠩᠰᠤᠭ ᠰᠠᠢᠬᠠᠨ ᠭᠦᠶ᠋ᠵᠧᠸ᠋ ᠰᠦᠯᠵᠢᠶ᠎ᠡ᠎ᠶ᠋ᠢᠨ ᠰᠤᠷᠪᠤᠯᠵᠢᠯᠠᠭ᠍ᠴᠢ ᠲᠠᠨ ᠯᠢ ᠱᠢᠶᠣᠤ᠄《ᠲᠤᠰ ᠤᠳᠠᠭᠠᠨ᠎ᠤ ᠠᠵᠢᠯᠯᠠᠭ᠎ᠠ ᠪᠡᠷ ᠲᠠᠮᠵᠢᠨ ᠰᠦᠷᠯᠢᠭ ᠰᠠᠢᠬᠠᠨ ᠦᠪᠦᠷ ᠮᠤᠩᠭᠤᠯ᠂ ᠡᠴᠢᠨ᠎ᠡ ᠭᠠᠢᠬᠠᠮᠱᠢᠭ᠎ᠳᠤ ᠤᠮᠠᠷᠠᠳᠤ ᠬᠢᠯᠢ ᠵᠢ ᠪᠡᠶᠡᠴᠢᠯᠡᠨ ᠤᠢᠯᠠᠭᠠᠵᠤ ᠬᠦᠨᠵᠡᠭᠡᠢ ᠲᠠᠨᠢᠵᠤ᠂ ᠪᠢ ᠭᠠᠨᠵᠤᠭ᠎ᠠ ᠲᠦᠬᠦᠷᠡᠩ ᠪᠤᠴᠠᠬᠤ ᠪᠤᠯᠤᠯ᠎ᠠ᠃ ᠪᠢ ᠦᠪᠦᠷ ᠮᠤᠩᠭᠤᠯ᠎ᠤᠨ ᠦᠯᠢᠭᠡᠷ᠎ᠢ ᠳᠡᠷᠭᠡᠳᠡᠬᠢ ᠲᠦᠷᠦᠯ ᠰᠠᠳᠤᠨ᠂ ᠨᠠᠢᠵᠠ ᠨᠥᠬᠥᠳ ᠲᠡᠭᠡᠨ ᠤᠬᠠᠭᠤᠯᠵᠤ᠂ ᠨᠡᠩ ᠤᠯᠠᠨ ᠬᠦᠮᠦᠰ ᠲᠸ᠋ ᠥᠪᠥᠷ ᠮᠣᠩᠭᠣᠯ᠎ᠢ ᠲᠠᠨᠢᠯᠴᠠᠭᠤᠯᠵᠤ᠂ ᠦᠪᠦᠷ ᠮᠤᠩᠭᠤᠯ᠎ᠢ ᠤᠢ᠍ᠢᠯᠠᠭᠠᠭᠤᠯᠵᠤ᠂ ᠦᠪᠦᠷ ᠮᠤᠩᠭᠤᠯ᠎ᠢ ᠬᠠᠢᠷᠠᠯᠠᠬᠤ ᠵᠢ ᠰᠠᠨᠠᠭᠠᠴᠢᠯᠠᠨ᠎ᠠ》 ᠬᠡᠵᠤ ᠰᠡᠳᠬᠢᠯ ᠬᠠᠨᠤᠮᠵᠢᠳᠠᠢ ᠬᠡᠯᠡᠵᠦ ᠪᠠᠢᠪᠠ ᠁ ᠁
ᠨᠢᠭᠡ ᠤᠳᠠᠭ᠎ᠠ ᠵᠢᠨ ᠲᠤᠰᠬᠠᠢ ᠰᠡᠳᠦᠪᠳᠦ ᠠᠵᠢᠯᠯᠠᠭ᠎ᠠ᠂ ᠨᠢᠭᠡ ᠤᠳᠠᠭ᠎ᠠ ᠵᠢᠨ ᠪᠡᠶᠡᠴᠢᠯᠡᠨ ᠰᠤᠷᠪᠤᠯᠵᠢᠯᠠᠭ᠎ᠠ᠂ ᠨᠢᠭᠡ ᠤᠳᠠᠭ᠎ᠠ ᠵᠢᠨ ᠬᠦᠨᠵᠡᠭᠡᠢ ᠰᠤᠯᠢᠯᠴᠠᠭ᠎ᠠ᠂ ᠲᠤᠭ ᠢ ᠦᠨᠳᠦᠷ ᠮᠠᠨᠳᠤᠭᠤᠯᠵᠤ᠂ ᠪᠠᠳᠠᠷᠠᠯᠳᠤ ᠡᠷᠡᠨ ᠢ ᠪᠠᠬᠠᠳᠤᠨ᠂ ᠦᠵᠡᠰᠬᠦᠯᠡᠩᠳᠦ ᠰᠠᠢᠬᠠᠨ ᠠᠭᠤᠯᠠ ᠤᠰᠤ ᠵᠢ ᠵᠢᠷᠤᠭᠯᠠᠵᠤ᠂ ᠵᠤᠯ ᠵᠢᠷᠭᠠᠯᠳᠤ ᠠᠮᠢᠳᠤᠷᠠᠯ᠎ᠢ ᠬᠦᠤᠷᠨᠢᠨ᠂ ᠨᠦᠬᠦᠷᠯᠡᠯ᠎ᠤᠨ ᠦᠷ᠎ᠡ ᠵᠢ ᠦᠷᠭᠡᠨ ᠬᠦᠨᠵᠡᠭᠡᠢ ᠰᠠᠴᠤᠪᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠣᠷᠣᠨ ᠪᠦᠰᠡ ᠠᠯᠤᠰᠯᠠᠭ᠍ᠰᠠᠨ᠂ ᠪᠥᠬᠥ᠌ ᠲᠠᠯ᠎ᠠ᠎ᠶ᠋ᠢᠨ᠂ ᠣᠯᠠᠨ ᠶᠠᠩᠵᠤᠴᠢᠯᠠᠭ᠍ᠰᠠᠨ ᠰᠣᠯᠢᠯᠴᠠᠭᠠᠨ᠎ᠤ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠣᠷᠣᠨ ᠪᠦᠰᠡ ᠠᠯᠤᠰᠯᠠᠭ᠍ᠰᠠᠨ ᠪᠠ ᠣᠷᠣᠨ ᠪᠦᠰᠡ᠎ᠶ᠋ᠢᠨ ᠳᠣᠲᠣᠷᠠᠬᠢ ᠬᠤᠤᠰ ᠴᠢᠭ᠌ᠯᠡᠯ᠎ᠢᠶᠡᠷ ᠰᠣᠯᠢᠯᠴᠠᠬᠤ ᠠᠵᠢᠯᠯᠠᠭ᠎ᠠ᠎ᠶ᠋ᠢ ᠨᠡᠢᠳᠡᠮ ᠥᠷᠨᠢᠭᠦᠯᠵᠦ᠂ ᠦᠷᠭᠦᠯᠵᠢᠯᠡᠨ ᠭᠦᠨᠵᠡᠭᠡᠢᠷᠡᠬᠦᠯᠵᠦ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠬᠠᠷᠢᠯᠴᠠᠨ ᠣᠢᠯᠠᠭᠠᠯᠴᠠᠵᠤ ᠬᠠᠷᠢᠯᠴᠠᠨ ᠬᠦᠨᠳᠦᠳᠭᠡᠬᠦ᠌᠂ ᠬᠠᠷᠢᠯᠴᠠᠨ ᠪᠠᠭ᠍ᠲᠠᠭᠠᠵᠤ ᠬᠠᠷᠢᠯᠴᠠᠨ ᠲᠤᠯᠢᠳᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠬᠤ᠎ᠶ᠋ᠢ ᠠᠬᠢᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ ᠵᠢ ᠬᠠᠮᠲᠤ᠎ᠪᠠᠷ ᠲᠡᠷᠭᠡᠯᠱᠢᠭᠦᠯᠬᠦ᠌》 ᠳ᠋ᠤ ᠵᠠᠯᠠᠭᠤ ᠨᠠᠰᠤᠨ᠎ᠤ ᠬᠦᠴᠦᠨ ᠴᠢᠳᠠᠯ᠎ᠢ ᠨᠢᠭᠳᠠᠷᠠᠭᠤᠯᠤᠨ᠎ᠠ ᠬᠡᠵᠤ ᠢᠯᠡᠳᠭᠡᠪᠠ᠃