​ᠢᠤᠢᠴᠢᠤᠸᠠᠨ ᠲᠤᠭᠤᠷᠢᠭ᠎ᠤᠨ ᠡᠷᠲᠠᠨ ᠤ᠋ ᠬᠡᠪ ᠨᠠᠮᠪᠠ ᠪᠤᠶᠤ ᠠᠨᠠᠷ᠎ᠤᠨ ᠤᠯᠠᠭᠠᠨ ᠦᠩᠭᠡ
2025-12-03 11:10:43
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠴᠢᠩ ᠴᠢᠤᠸᠠᠨ ᠵᠡᠭᠡᠯᠢ᠎ᠶᠢᠨ ᠨᠡᠶ᠋ᠢᠭᠡᠮ ᠲᠣᠭᠣᠷᠢᠭ᠎ᠤᠨ ᠠᠭᠤᠳᠠᠮ ᠲᠠᠯᠠᠪᠠᠢ᠎ᠳᠤ 62 ᠨᠠᠰᠤᠲᠠᠢ ᠫᠠᠩ ᠠᠢ ᠵᠧᠨ ᠨᠠᠷ 《ᠨᠠᠮ᠎ᠤᠨ ᠲᠦᠷᠦ᠎ᠶᠢᠨ ᠪᠤᠳᠤᠯᠭ᠎ᠠ ᠵᠢᠨ ᠮᠠᠭᠲᠠᠭᠠᠯ》 ᠎ᠭᠡᠬᠦ ᠡᠯ ᠷᠸᠨ ᠲᠠᠢ ᠵᠦᠴᠦᠭᠡ ᠵᠢ ᠲᠤᠭᠯᠠᠵᠤ ᠨᠠᠭᠠᠰᠢ ᠴᠠᠭᠠᠰᠢ ᠵᠤᠷᠴᠢᠭᠰᠠᠳ᠎ᠦᠨ ᠠᠩᠬᠠᠷᠤᠯ ᠎ᠢ ᠲᠠᠲᠠᠨ᠎ᠠ᠃ ᠲᠠᠷᠨ᠄ 《ᠨᠡᠶ᠋ᠢᠭᠡᠮ ᠲᠣᠭᠣᠷᠢᠭ ᠪᠣᠯ ᠮᠠᠨ᠎ᠤ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠲᠤᠯᠠᠭᠠᠨ ᠪᠦᠯᠢ ᠮᠥᠨ᠃ ᠡᠨᠳᠡ ᠭᠡᠷ᠎ᠲᠡᠬᠡᠨ ᠰᠠᠭᠤᠬᠤ ᠡᠴᠠ ᠬᠤᠯᠠ ᠢᠯᠡᠭᠦᠦ ᠨᠠᠷᠭᠢᠶᠠᠨ᠎ᠲᠠᠶ ᠶᠤᠮ!》 ᠬᠡᠵᠤ ᠰᠡᠳᠬᠢᠯ ᠬᠦᠭᠰᠡᠨ ᠶᠠᠷᠢᠨ᠎ᠠ᠃


QQ20251203-103107.png


ᠴᠢᠩ ᠴᠢᠤᠸᠠᠨ ᠵᠡᠭᠡᠯᠢ᠎ᠶᠢᠨ ᠨᠡᠶ᠋ᠢᠭᠡᠮ ᠲᠣᠭᠣᠷᠢᠭ᠎ᠲᠤ᠌ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠦᠷᠭᠦᠯᠵᠢ ᠤᠯᠠᠭᠠᠨ ᠠᠨᠠᠷ  ᠨᠡᠷᠡᠳᠡᠢ ᠰᠡᠯᠡᠬᠦᠴᠡᠯ᠎ᠤᠨ ᠲᠢᠩᠰᠡ᠎ᠶᠢᠨ ᠳᠣᠣᠷ᠎ᠠ ᠴᠤᠭᠯᠠᠷᠠᠵᠤ ᠶᠠᠷᠢᠶ᠎ᠠ ᠬᠦᠭᠡᠷᠦᠭᠡ ᠪᠤᠯᠳᠠᠭ᠃ ᠡᠢᠮᠦᠷᠬᠦᠦ ᠡᠶ᠎ᠡ ᠨᠠᠢᠷᠠᠮᠳᠠᠭᠤ ᠪᠠᠶ᠋ᠢᠳᠠᠯ ᠪᠣᠯ ᠢᠤᠢᠴᠢᠤᠸᠠᠨ ᠲᠣᠭᠣᠷᠢᠭ᠎ᠤᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠤᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠤᠢᠷ᠎ᠠ ᠵᠢᠨ ᠵᠢᠯ᠎ᠦᠨ ᠲᠤᠷᠰᠢ᠂ ᠢᠦᠶ᠋ᠢᠴᠢᠤᠸᠠᠨ ᠲᠣᠭᠣᠷᠢᠭ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠎ᠪᠠᠷ ᠭᠤᠤᠯ ᠰᠢᠵᠢᠮ ᠪᠣᠯᠭᠠᠵᠤ᠂ 2021 ᠣᠨ᠎ᠳᠤ《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠲᠤᠭᠤᠷᠢᠭ》 ᠵᠢᠡᠷ ᠨᠡᠷᠡᠢᠳᠦᠭᠳᠡᠵᠡᠢ᠃

《ᠡᠷᠲᠠᠨ ᠤ᠋  ᠬᠡᠪ ᠨᠠᠮᠪᠠᠳᠤ ᠢᠤᠢᠴᠢᠤᠸᠠᠨ ᠲᠤᠭᠤᠷᠢᠭ ᠠᠨᠠᠷ᠎ᠤᠨ ᠴᠡᠴᠡᠬᠡᠰ ᠵᠢᠡᠷ ᠭᠤᠶᠤᠬᠠᠨ》 ᠬᠡᠬᠦ ᠦᠨᠳᠦᠰᠦᠲᠡᠨ᠎ᠦ ᠠᠵᠢᠯ᠎ᠤᠨ ᠲᠦᠷᠦᠯ ᠲᠡᠮᠳᠡᠭ᠎ᠢ ᠡᠭᠦᠳᠴᠦ᠍᠂ 《ᠢᠦᠢ ᠢᠦᠢ》᠂ 《ᠴᠢᠤᠸᠠᠨ ᠴᠢᠤᠸᠠᠨ》 ᠭᠡᠬᠦ IP ᠲᠦᠷᠢ ᠲᠥᠷᠬᠦ ᠵᠢ ᠡᠬᠦᠳᠦᠨ ᠳᠡᠯᠭᠡᠷᠡᠭᠦᠯᠬᠦ ᠵᠢᠨ ᠬᠠᠮᠲᠤ ᠬᠥᠬᠡᠬᠣᠲᠠ᠎ᠶᠢᠨ ᠠᠩᠬᠠᠳᠠᠭᠴᠢ 《ᠤᠯᠠᠭᠠᠨ ᠠᠨᠠᠷ ᠺᠢᠨᠣ᠋ ᠵᠢᠨ ᠤᠷᠲᠤᠨ》 ᠢ᠋ ᠡᠬᠦᠲᠤᠨ ᠪᠠᠢᠭᠤᠯᠵᠤ᠂   ᠠᠵᠢᠯ ᠲᠦᠷᠦᠯ ᠤ᠋ᠨ 9 ᠵᠢᠱ᠌ᠢᠶᠠᠴᠢ ᠶ᠋ᠢ ᠤᠬᠠᠭᠤᠯᠭ᠎ᠠ ᠵᠢᠨ ᠡᠯᠴᠢ ᠪᠡᠷ ᠤᠷᠢᠵᠤ ᠠᠵᠢᠯᠯᠠᠭᠤᠯᠪᠠ᠃  ᠡᠳᠡᠭᠡᠷ ᠲᠥᠷᠥᠯ ᠲᠡᠮᠳᠡᠭ᠎ᠦᠨ ᠦᠢᠯᠡᠲᠤᠯ ᠴᠢᠳᠠᠪᠬᠢ᠎ᠨᠢ ᠡᠭᠦᠳᠦᠨ ᠪᠠᠶ᠋ᠢᠭᠤᠯᠬᠤ ᠬᠠᠯᠠᠭᠤᠨ ᠰᠡᠳᠬᠢᠯᠭᠡ᠎ᠶᠢ ᠳᠠᠶ᠋ᠢᠴᠢᠯᠠᠵᠤ᠂ ᠴᠢᠩ ᠴᠢᠤᠸᠠᠨ ᠵᠡᠭᠡᠯᠢ᠎ᠶᠢᠨ ᠨᠡᠶ᠋ᠢᠭᠡᠮ ᠲᠣᠭᠣᠷᠢᠭ᠎ᠤᠨ ᠨᠠᠮ᠎ᠤᠨ ᠬᠣᠷᠢᠶ᠎ᠠ 2024 ᠣᠨ᠎ᠳᠤ 《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠬᠠᠮᠲᠤ》 ᠪᠠᠷ ᠦᠨᠡᠯᠡᠭᠳᠡᠪᠡ᠃


QQ20251203-103117.png

 

 《ᠬᠤᠪᠸᠢ ᠵᠢᠨ ᠪᠢᠴᠢᠬᠠᠨ ᠨᠠᠶ᠋ᠢᠵᠠ᠎ᠨᠠᠷ᠎ᠲᠠᠶ ᠬᠠᠮᠲᠤ ᠠᠷᠠᠰᠤᠨ ᠵᠢᠷᠤᠭ ᠵᠢᠷᠤᠭᠰᠠᠨ ᠮᠠᠨᠢ ᠮᠠᠰᠢ ᠰᠠᠢᠬᠠᠨ ᠰᠠᠭᠤᠭᠳᠠᠯ ᠲᠤᠷᠠᠰᠤᠮᠵᠢ ᠦᠯᠡᠳᠡᠭᠡᠵᠡᠢ!》 ᠬᠡᠵᠤ ᠪᠠᠭ᠎ᠠ ᠰᠤᠷᠭᠠᠭᠤᠯᠢ᠎ᠶᠢᠨ ᠰᠤᠷᠤᠭᠴᠢ ᠪᠠᠭᠠᠲᠤᠷ ᠰᠤᠳᠤᠯᠤᠨ ᠰᠤᠷᠤᠯᠴᠠᠬᠤ ᠠᠵᠢᠯᠯᠠᠭ᠎ᠠ ᠳᠤᠮᠳᠠ ᠰᠢᠨ᠎ᠡ ᠨᠠᠢᠵᠠ ᠲᠠᠢ ᠲᠠᠨᠢᠯᠴᠠᠭᠰᠠᠨ ᠳ᠋ᠠᠭᠠᠨ ᠶᠡᠭᠡ ᠤᠯᠵᠠᠭᠤᠷᠬᠠᠨ ᠪᠠᠢᠯ᠎ᠠ᠃ ᠢᠤᠢ᠌ᠴᠢᠤᠸᠠᠨ ᠲᠣᠭᠣᠷᠢᠭ᠂ ᠬᠤᠪᠸᠢ ᠵᠢᠨ ᠰᠢᠩᠱᠠᠨ ᠰᠢᠶᠠᠨ᠂ ᠵᠦᠩ ᠨᠠᠨ ᠦᠨᠳᠦᠰᠦᠲᠡᠨ᠎ᠦ ᠶᠡᠬᠡ ᠰᠤᠷᠭᠠᠭᠤᠯᠢ ᠵᠡᠷᠭᠡ 15 ᠭᠠᠵᠠᠷ ᠣᠷᠣᠨ ᠪᠣᠯᠤᠨ ᠶᠡᠬᠡ ᠳᠡᠭᠡᠳᠦ ᠰᠤᠷᠭᠠᠭᠤᠯᠢ ᠯᠤᠭ᠎ᠠ ᠬᠠᠮᠳᠤᠷᠠᠨ 4 ᠮᠤᠵᠢ᠎ᠶᠢᠨ 11 ᠰᠢᠶᠠᠨ ᠬᠤᠳᠠ ᠲᠣᠭᠣᠷᠢᠭ᠎ᠢ ᠬᠣᠯᠪᠣᠭᠰᠠᠨ 《ᠵᠤᠤ ᠵᠢᠶᠦᠢ᠍ᠨ ᠪᠣᠭᠣᠮᠲᠠ ᠵᠢᠨ ᠭᠠᠳᠠᠨ᠎ᠠ ᠮᠤᠷᠳᠠᠭᠰᠠᠨ ᠵᠠᠮ》 ᠲᠠᠭᠠᠤ ᠵᠢᠨ ᠬᠣᠯᠪᠣᠭ᠎ᠠ ᠎ᠶᠢ ᠪᠠᠶ᠋ᠢᠭᠤᠯᠵᠤ᠂ ᠲᠠᠪᠤᠨ ᠵᠢᠯ᠎ᠦᠨ ᠲᠤᠷᠰᠢ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ᠎ᠶᠢ 30 ᠭᠠᠷᠤᠢ ᠤᠳᠠᠭ᠎ᠠ ᠥᠷᠨᠢᠭᠦᠯᠵᠦ᠍᠂ ᠨᠡᠢ᠌ᠳᠡ 4000 ᠭᠠᠷᠤᠢ ᠬᠥᠮᠦᠨ ᠤᠳᠠᠭ᠎ᠠ ᠣᠷᠣᠯᠴᠠᠵᠠᠢ; 2024 ᠣᠨ᠎ᠳᠤ ᠵᠢᠭᠤᠯᠴᠢᠯᠠᠭᠰᠠᠳ᠎ᠢ 5945 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ  9.5 ᠳ᠋ᠦᠩᠰᠢᠭᠤᠷ ᠲᠥᠭᠥᠷᠢᠭ᠎ᠲᠦ᠍ ᠬᠦᠷᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号