ᠮᠠᠨ᠎ᠤ ᠤᠯᠤᠰ᠎ᠤᠨ ᠲᠦᠷᠭᠡᠨ ᠬᠦᠷᠭᠡᠯᠲᠡ᠎ᠶ᠋ᠢᠨ ᠵᠢᠯ᠎ᠦᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠠᠩᠬ᠎ᠠ ᠤᠳᠠᠭ᠎ᠠ 1800 ᠳ᠋ᠦᠩᠱᠢᠭᠤᠷ ᠬᠤᠪᠢ ᠵᠢ ᠳᠠᠪᠠᠵᠠᠢ
2025-12-03 10:41:40
ᠵᠣᠬᠢᠶᠠᠭ᠍ᠴᠢ᠄
​ ᠶᠧ ᠬᠤᠤ ᠮᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 12 ᠰᠠᠷ᠎ᠠ᠎ᠶ᠋ᠢᠨ 1 ᠤ᠋ ᠡᠳᠦᠷ ᠤᠯᠤᠰ᠎ᠤᠨ ᠱᠢᠤᠳᠠᠨ᠎ᠤ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠱᠢᠤᠳᠠᠨ᠎ᠤ ᠲᠣᠪᠴᠢᠶ᠎ᠠ᠎ᠶ᠋ᠢᠨ ᠬᠢᠨᠠᠨ ᠬᠡᠮᠵᠢᠭ᠌ᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2025 ᠣᠨ᠎ᠤ 11 ᠰᠠᠷ᠎ᠠ᠎ᠶ᠋ᠢᠨ 30 ᠎ᠤ᠋ ᠡᠳᠦᠷ ᠪᠣᠯᠲᠠᠯ᠎ᠠ᠂ ᠮᠠᠨ᠎ᠤ ᠤᠯᠤᠰ᠎ᠤᠨ ᠲᠦᠷᠭᠡᠨ ᠬᠦᠷᠭᠡᠯᠲᠡ᠎ᠶ᠋ᠢᠨ ᠵᠢᠯ ᠤ᠋ᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠠᠩᠬ᠎ᠠ ᠤᠳᠠᠭ᠎ᠠ 1800 ᠳ᠋ᠦᠩᠱᠢᠭᠤᠷ ᠬᠤᠪᠢ ᠵᠢ ᠳᠠᠪᠠᠪᠠ᠃

ᠣᠢᠯᠠᠭᠠᠭ᠍ᠰᠠᠨ᠎ᠢᠶᠠᠷ᠂ ᠭᠤᠸᠠᠩᠳᠦ᠋ᠩ᠎ᠤᠨ ᠱᠧᠨᠵᠧᠨ ᠬᠣᠲᠠ᠎ᠶ᠋ᠢᠨ ᠨᠢᠭᠡᠨ ᠬᠣᠲᠠ᠎ᠶ᠋ᠢᠨ ᠠᠷᠠᠳ᠎ᠤᠨ ᠰᠦᠯᠵᠢᠶᠡᠨ ᠳᠡᠭᠡᠷ᠎ᠡ᠎ᠡᠴᠡ ᠬᠤᠳᠠᠯᠳᠤᠨ ᠠᠪᠤᠭ᠍ᠰᠠᠨ ᠣᠶᠤᠨᠴᠢ ᠰᠤᠷᠤᠯᠴᠠᠬᠤ ᠮᠠᠱᠢᠨ ᠨᠢ ᠡᠨᠡ ᠵᠢᠯ᠎ᠦᠨ ᠮᠠᠨ᠎ᠤ ᠤᠯᠤᠰ᠎ᠤᠨ 1800 ᠳ᠋ᠦᠩᠱᠢᠭᠤᠷ ᠳ᠋ᠤᠭᠠᠷ ᠲᠦᠷᠭᠡᠨ ᠬᠦᠷᠭᠡᠯᠲᠡ ᠪᠣᠯᠤᠭ᠍ᠰᠠᠨ ᠪᠠᠢᠨ᠎ᠠ᠃ ᠡᠨᠡ ᠬᠦ᠌ ᠲᠦᠷᠭᠡᠨ ᠬᠦᠷᠭᠡᠯᠲᠡ᠎ᠶ᠋ᠢ ᠵᠢᠩ ᠳ᠋ᠦᠩ ᠤ᠋ᠨ ᡁᠢ ᠯᠠᠩ ᠬᠥᠮᠥᠷᠭᠡ᠎ᠡᠴᠡ ᠠᠦ᠋ᠲ᠋ᠣ᠋ ᠢᠯᠭᠠᠯᠳᠠ ᠪᠡᠷ ᠬᠥᠮᠥᠷᠭᠡ᠎ᠡᠴᠡ ᠭᠠᠷᠭᠠᠵᠤ᠂ ᠲᠡᠭᠡᠭᠡᠪᠦᠷᠢᠯᠡᠨ ᠬᠦᠷᠭᠡᠬᠦ᠌ ᠥᠷᠲᠡᠭᠡ ᠴᠡᠭ᠎ᠲᠦ ᠬᠦᠷᠦᠭ᠌ᠰᠡᠨ᠎ᠦ ᠳᠠᠷᠠᠭ᠎ᠠ ᠬᠥᠮᠦᠨ ᠥᠬᠡᠶ ᠲᠦᠷᠭᠡᠨ ᠬᠦᠷᠭᠡᠯᠲᠡ᠎ᠶ᠋ᠢᠨ ᠲᠡᠷᠭᠡ᠎ᠡᠴᠡ ᠪᠠᠷᠠᠭ᠎ᠠ ᠭᠥᠯᠢᠶᠡᠨ ᠠᠪᠤᠭ᠍ᠴᠢ᠎ᠶ᠋ᠢᠨ ᠲᠣᠭᠣᠷᠢᠭ᠎ᠤᠨ ᠡᠭᠦᠳᠡᠨ᠎ᠳᠦ ᠬᠦᠷᠭᠡᠵᠦ᠍᠂ ᠳᠠᠬᠢᠨ ᠵᠢᠩ ᠳ᠋ᠦᠩ ᠤ᠋ᠨ ᠲᠦᠷᠭᠡᠨ ᠬᠦᠷᠭᠡᠭᠴᠢ ᠪᠠᠷᠠᠭ᠎ᠠ᠎ᠶ᠋ᠢ ᠬᠡᠷ᠎ᠲᠦᠨᠢ ᠬᠦᠷᠭᠡᠵᠦ᠍᠂ ᠲᠦᠷᠭᠡᠨ ᠬᠦᠷᠭᠡᠯᠲᠡ᠎ᠶ᠋ᠢᠨ ᠲᠣᠮᠢᠯᠠᠨ ᠬᠦᠷᠭᠡᠬᠦ᠌ ᠪᠥᠬᠥ᠌ ᠶᠠᠪᠤᠴᠠ᠎ᠳᠤ ᠬᠥᠮᠦᠨ ᠬᠡᠷᠡᠭ᠌ᠯᠡᠬᠦ᠌ ᠥᠬᠡᠶ ᠪᠠᠢᠳᠠᠯ᠎ᠢ ᠨᠡᠯᠢᠶᠡᠳ ᠦᠨᠳᠤᠷ ᠲᠦᠪᠰᠢᠨ ᠵᠢᠨᠷ ᠪᠡᠶᠡᠯᠡᠭᠦᠯᠪᠡ᠃

ᠰᠠᠷ᠎ᠠ ᠳᠤᠮᠳᠠᠴᠢ᠎ᠪᠠᠷ 160 ᠳ᠋ᠦᠩᠱᠢᠭᠤᠷ ᠬᠤᠪᠢ ᠵᠢ ᠳᠠᠪᠠᠵᠤ᠂ ᠭᠠᠭ᠍ᠴᠠ ᠡᠳᠦᠷ᠎ᠲᠦ ᠬᠠᠮᠤᠭ ᠠᠷᠪᠢᠨ᠎ᠳᠠᠭᠠᠨ 7.77 ᠳ᠋ᠦᠩᠱᠢᠭᠤᠷ ᠬᠤᠪᠢ ᠳ᠋ᠦ ᠬᠦᠷᠴᠦ᠍᠂ ᠰᠧᠺᠦ᠋ᠨ᠋ᠳ᠋ ᠪᠦᠷᠢ 6200 ᠬᠤᠪᠢ ᠵᠢ ᠲᠠᠪᠠᠵᠤ ᠁ 1800 ᠳ᠋ᠦᠩᠱᠢᠭᠤᠷ ᠬᠤᠪᠢ ᠲᠦᠷᠭᠡᠨ ᠬᠦᠷᠭᠡᠯᠲᠡ᠎ᠶ᠋ᠢᠨ ᠲᠤᠭ᠎ᠠ ᠭᠡᠮᠵᠢᠶ᠎ᠡ ᠶᠠᠰᠤ ᠴᠢᠨᠠᠷ᠎ᠤᠨ ᠳᠡᠭᠡᠭᠰᠢᠯᠡᠯᠲᠡ ᠨᠢ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠲᠤᠰᠭᠠᠬᠰᠠᠨ  ᠪᠠᠢᠨ᠎ᠠ᠃

ᠤᠯᠤᠰ᠎ᠤᠨ ᠱᠢᠤᠳᠠᠨ᠎ᠤ ᠲᠣᠪᠴᠢᠶ᠎ᠠ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠵᠢᠯ᠎ᠤᠨ ᠡᠬᠢᠨ᠎ᠡᠴᠡ ᠨᠠᠭᠠᠰᠢ᠂ ᠱᠢᠤᠳᠠᠨ᠎ᠤ ᠲᠦᠷᠭᠡᠨ ᠬᠦᠷᠭᠡᠯᠲᠡ᠎ᠶ᠋ᠢᠨ ᠬᠡᠪᠴᠢᠶᠡᠲᠦ ᠠᠵᠤ ᠠᠬᠤᠶ᠎ᠶ᠋ᠢᠨ ᠦᠢᠯᠡᠳᠦᠯ ᠦᠷᠭᠦᠯᠵᠢᠯᠡᠨ ᠶᠡᠬᠡᠰᠴᠦ᠍᠂ ᠠᠵᠤ ᠦᠶ᠋ᠯᠡᠰ᠎ᠢ ᠳᠠᠢᠴᠢᠯᠠᠬᠤ ᠪᠠ ᠣᠷᠣᠨ ᠪᠦᠰᠡ᠎ᠶ᠋ᠢᠨ ᠠᠵᠤ ᠠᠬᠤᠶ᠎ᠶ᠋ᠢ ᠳᠠᠢᠴᠢᠯᠠᠬᠤ ᠴᠢᠳᠠᠪᠤᠷᠢ ᠢᠯᠡᠳᠲᠡ ᠳᠡᠭᠡᠭ᠌ᠰᠢᠯᠡᠵᠤ᠂ ᠬᠡᠷᠡᠭ᠌ᠯᠡᠭᠡ᠎ᠶ᠋ᠢ ᠠᠬᠢᠭᠤᠯᠬᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠴᠢᠬᠤᠯᠠ ᠲᠤᠯᠭᠠᠭᠤᠷᠢᠯᠠᠯ ᠪᠣᠯᠵᠠᠶ᠃ ᠲᠦᠷᠦᠭᠦᠦ 10 ᠰᠠᠷ᠎ᠠ᠎ᠳᠤ᠂ ᠮᠠᠨ᠎ᠤ ᠤᠯᠤᠰ᠎ᠤᠨ ᠳᠤᠮᠳᠠ ᠪᠠᠷᠠᠭᠤᠨ ᠣᠷᠣᠨ᠎ᠤ ᠲᠦᠷᠭᠡᠨ ᠬᠦᠷᠭᠡᠯᠲᠡ᠎ᠶ᠋ᠢᠨ ᠲᠤᠬᠠᠢᠯᠠᠭ᠍ᠰᠠᠨ ᠠᠵᠢᠯ᠎ᠤᠨ ᠣᠷᠣᠯᠭ᠎ᠠ᠎ᠶ᠋ᠢᠨ ᠪᠥᠬᠥ᠌ ᠤᠯᠤᠰ᠎ᠲᠤ ᠡᠵᠡᠯᠡᠬᠦ᠌  ᠬᠠᠷᠢᠴᠠᠯ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ ᠬᠠᠷᠢᠴᠠᠯ ᠵᠢᠨᠷ ᠲᠣᠰ ᠲᠣᠰ 0.6 ᠬᠤᠪᠢ ᠪᠠ 0.3  ᠬᠤᠪᠢ ᠳᠡᠭᠡᠭ᠌ᠰᠢᠯᠡᠪᠡ;ᠲᠦᠷᠭᠡᠨ ᠬᠦᠷᠭᠡᠯᠲᠡ᠎ᠶ᠋ᠢᠨ ᠲᠤᠬᠠᠢᠯᠠᠭ᠍ᠰᠠᠨ ᠠᠵᠢᠯ᠎ᠤᠨ ᠡᠵᠡᠯᠡᠬᠦ᠌ ᠬᠠᠷᠢᠴᠠᠯ ᠵᠠᠭᠤᠨ ᠤ᠋ ᠬᠠᠷᠢᠴᠠᠯ ᠵᠢᠨᠷ ᠲᠣᠰ ᠲᠣᠰ 1.1 ᠪᠠ  0.6 ᠬᠤᠪᠢ ᠳᠡᠭᠡᠭ᠌ᠰᠢᠯᠡᠪᠡ᠃ ᠪᠠᠷᠠᠭᠤᠨ ᠤᠷᠤᠨ᠎ᠤ ᠪᠣᠢᠳᠠ ᠪᠦᠭ᠌ᠯᠡᠭᠦᠦ ᠭᠠᠵᠠᠷ ᠣᠷᠣᠨ᠎ᠤ ᠬᠦᠷᠬᠡᠯᠳᠠ ᠵᠢ ᠲᠠᠭᠠᠭᠠᠴᠢᠯᠠᠬᠤ ᠨᠢ ᠲᠣᠰ ᠭᠠᠵᠠᠷ᠎ᠤᠨ ᠢᠯᠡᠭᠡᠵᠦ᠍ ᠳᠠᠮᠵᠢᠭᠤᠯᠬᠤ ᠲᠤᠤᠷ ᠰᠦᠯᠵᠢᠶ᠎ᠡ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠥᠪᠥᠷ ᠮᠣᠩᠭᠣᠯ᠂ ᠱᠢᠨᠵᠢᠶᠠᠩ᠂ ᠲᠥᠪᠡᠳ ᠵᠡᠷᠭᠡ ᠭᠠᠵᠠᠷ᠎ᠤᠨ ᠲᠦᠷᠭᠡᠨ ᠬᠦᠷᠭᠡᠯᠳᠠ ᠵᠢᠨ ᠲᠤᠬᠠᠢᠯᠠᠭ᠍ᠰᠠᠨ ᠠᠵᠢᠯ᠎ᠨᠢ ᠨᠡᠮᠡᠭ᠌ᠳᠡᠯ᠎ᠦᠨ ᠬᠢᠯᠠᠰ ᠴᠡᠭ ᠪᠣᠯᠪᠠ᠃ ᠭᠤᠤᠯᠳᠠᠯᠭ᠎ᠠ᠎ᠲᠠᠶ ᠭᠠᠵᠠᠷ ᠣᠷᠣᠨ᠎ᠤ 72 ᠴᠠᠭ᠎ᠤᠨ ᠳᠤᠳᠤᠷ᠎ᠠ ᠲᠣᠬᠢᠲᠠᠶ ᠬᠦᠷᠬᠡᠬᠦ ᠨᠣᠷᠮ᠎ᠠ ᠪᠠ ᠲᠦᠷᠭᠡᠨ ᠬᠦᠷᠭᠡᠯᠲᠡ᠎ᠶ᠋ᠢᠨ ᠦᠶ᠋ᠯᠡᠴᠢᠯᠡᠭᠡᠨ᠎ᠦ ᠣᠯᠠᠨ ᠨᠡᠢᠲᠡ᠎ᠶ᠋ᠢᠨ ᠬᠠᠨᠤᠮᠵᠢ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ ᠲᠣᠰ ᠪᠦᠷᠢ ᠳᠡᠭᠡᠭ᠌ᠰᠢᠯᠡᠵᠠᠢ ᠬᠡᠵᠤ ᠢᠯᠡᠳᠬᠡᠪᠡ᠃

ᠲᠤᠰ ᠬᠠᠷᠢᠭᠤᠴᠠᠯᠭᠠᠲᠠᠨ᠂ ᠤᠢ᠍ᠢᠷ᠎ᠠ᠎ᠶ᠋ᠢᠨ ᠵᠢᠯ᠎ᠡᠴᠡ᠂ ᠱᠢᠦᠳᠠᠨ᠎ᠤ ᠲᠦᠷᠭᠡᠨ ᠬᠦᠷᠭᠡᠯᠲᠡ᠎ᠶ᠋ᠢᠨ ᠦᠢᠯᠡᠰ ᠨᠢ ᠬᠡᠷᠡᠭ᠌ᠯᠡᠭᠡᠨ᠎ᠦ ᠤᠯᠠᠨ ᠡᠱᠢᠴᠢᠯᠡᠭ᠌ᠰᠡᠨ᠂ ᠲᠣᠭ᠎ᠠ ᠪᠠᠷᠢᠮᠲᠠ᠎ᠶ᠋ᠢᠨ ᠡᠬᠢ ᠪᠠᠶᠠᠯᠢᠭ ᠲᠥᠪᠯᠡᠷᠡᠭ᠌ᠰᠡᠨ ᠪᠠ ᠵᠠᠬ᠎ᠠ ᠳᠡᠯᠭᠡᠭᠦᠷ᠎ᠦᠨ ᠣᠷᠣᠨ ᠵᠠᠢ ᠥᠷᠭᠡᠨ ᠠᠭᠤᠳᠠᠮ ᠪᠠᠢᠬᠤ ᠳᠠᠪᠠᠭᠤᠯᠢᠭ᠎ᠲᠤ ᠰᠠᠭᠤᠷᠢᠯᠠᠵᠤ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠤᠨ ᠬᠡᠷᠡᠭ᠌ᠴᠡᠭᠡ᠎ᠳᠦ ᠰᠠᠨᠠᠭᠠᠴᠢᠯᠠᠭ᠎ᠠ᠎ᠡᠴᠡ᠎ᠪᠠᠨ ᠵᠣᠬᠢᠴᠠᠵᠤ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠬᠡᠷᠡᠭ᠌ᠯᠡᠭᠡᠨ᠎ᠦ ᠲᠦᠪᠱᠢᠨ᠎ᠢᠶᠡᠨ ᠳᠡᠭᠡᠭ᠌ᠰᠢᠯᠡᠭᠦᠯᠪᠡ᠃ ᠬᠥᠮᠥᠷᠭᠡᠯᠡᠨ ᠬᠠᠳᠠᠭᠠᠯᠠᠬᠤ ᠭᠣᠭ᠍ᠴᠣᠭ᠎ᠠ᠎ᠳᠤ᠂ ᠮᠠᠱᠢᠨ ᠬᠥᠮᠦᠨ᠂ ᠨᠢᠰᠦᠭᠡ ᠱᠠᠲᠤ᠎ᠶ᠋ᠢᠨ ᠮᠠᠱᠢᠨ ᠬᠥᠮᠦᠨ᠂ ᠥᠨᠳᠥᠷ ᠨᠢᠭ᠍ᠲᠠᠴᠠᠳᠤ ᠪᠠᠷᠠᠭᠠᠨ᠎ᠤ ᠲᠠᠯᠪᠢᠭᠤᠷ᠂ ᠠᠦ᠋ᠲ᠋ᠣ᠋᠎ᠪᠠᠷ ᠬᠥᠮᠥᠷᠭᠡ᠎ᠳᠦ ᠣᠷᠣᠭᠤᠯᠬᠤ ᠠᠵᠢᠯ᠎ᠤᠨ ᠥᠷᠲᠡᠭᠡ ᠵᠡᠷᠭᠡ᠎ᠳᠦ ᠪᠥᠬᠥ᠌ ᠲᠠᠯ᠎ᠠ᠎ᠪᠠᠷ ᠬᠥᠮᠦᠨ ᠥᠬᠡᠶ ᠲᠠᠯᠪᠢᠭᠤᠷ᠎ᠲᠤ ᠭᠠᠷᠭᠠᠬᠤ᠂ ᠱᠢᠯᠢᠨ ᠰᠣᠩᠭᠣᠬᠤ᠂ ᠬᠥᠮᠥᠷᠭᠡ᠎ᠡᠴᠡ ᠭᠠᠷᠭᠠᠬᠤ᠎ᠶ᠋ᠢ ᠪᠡᠶᠡᠯᠡᠭᠦᠯᠵᠦ᠍᠂ ᠦᠶ᠋ᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠶᠡᠬᠡ᠎ᠪᠡᠷ ᠳᠡᠭᠡᠭ᠌ᠰᠢᠯᠡᠭᠦᠯᠪᠠ;ᠢᠯᠭᠠᠬᠤ ᠭᠣᠭ᠍ᠴᠣᠭ᠎ᠠ᠎ᠳᠤ᠂ AI ᠬᠠᠷᠠᠭᠠᠨ ᠰᠡᠷᠡᠯ᠎ᠦᠨ ᠵᠠᠭ᠍ᠪᠤᠷ ᠨᠢ ᠡᠯ᠎ᠡ ᠭᠤᠤᠯ ᠢᠯᠭᠠᠬᠤ ᠲᠥᠪ᠎ᠦᠨ ᠰᠡᠭᠦᠳᠡᠷᠯᠡᠬᠦ᠌ ᠮᠠᠱᠢᠨ᠎ᠳᠤ ᠲᠦᠱᠢᠭ᠌ᠯᠡᠨ᠂ ᠮᠢᠯᠢᠰᠸᠺᠦ᠋ᠨ᠋ᠳ᠋ ᠲᠠᠰ᠎ᠤᠨ ᠳᠠᠭᠠᠬᠤ᠎ᠶ᠋ᠢ ᠪᠡᠶᠡᠯᠡᠭᠦᠯᠵᠦ᠍᠂ ᠪᠤᠷᠤᠭᠤ ᠢᠯᠭᠠᠬᠤ᠂ ᠡᠪᠳᠡᠷᠡᠵᠦ᠍ ᠰᠦᠶ᠋ᠳᠬᠦ᠌ ᠪᠠ ᠭᠡᠭᠡᠭ᠌ᠳᠡᠬᠦ᠌ ᠨᠣᠷᠮ᠎ᠠ᠎ᠶ᠋ᠢ ᠢᠯᠡᠳᠲᠡ ᠪᠠᠭᠤᠷᠠᠭᠤᠯᠪᠠ; ᠲᠡᠭᠡᠭᠡᠪᠦᠷᠢ᠎ᠶ᠋ᠢᠨ ᠭᠣᠭ᠍ᠴᠣᠭ᠎ᠠ᠂ ᠡᠭ᠌ᠴᠡ ᠬᠦᠷᠢᠶ᠎ᠡ᠎ᠶ᠋ᠢᠨ ᠲᠣᠮᠣ ᠵᠠᠭ᠍ᠪᠤᠷ᠎ᠢ ᠲᠦᠷᠭᠡᠳᠭᠡᠨ ᠬᠡᠷᠡᠭ᠌ᠯᠡᠵᠦ᠍᠂ ᠵᠠᠮᠨᠠᠭᠤᠷ᠎ᠤᠨ ᠲᠥᠯᠥᠪᠵᠢᠭᠦᠯᠦᠭ᠌ᠰᠡᠨ ᠬᠥᠳᠡᠯᠦᠩᠭᠦᠶ ᠱᠢᠯᠢᠳᠡᠭ᠌ᠵᠢᠯ ᠪᠠ ᠲᠡᠭᠡᠭᠡᠪᠦᠷᠢ᠎ᠶ᠋ᠢᠨ ᠠᠷᠭ᠎ᠠ ᠮᠠᠶᠢᠭ᠎ᠢ ᠵᠠᠶ ᠵᠠᠪᠰᠠᠷ ᠥᠬᠡᠶ ᠵᠣᠯᠭᠠᠭᠤᠯᠬᠤ᠎ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠪᠠ; ᠬᠦᠯᠢᠶᠠᠨ ᠠᠪᠴᠤ ᠬᠦᠷᠬᠡᠬᠦ  ᠭᠣᠭ᠍ᠴᠣᠭ᠎ᠠ᠎ᠳᠤ ᠵᠢᠯᠣᠭᠣᠴᠢ ᠥᠬᠡᠶ ᠨᠢᠰᠭᠡᠯ᠂ ᠵᠢᠯᠣᠭᠣᠴᠢ ᠥᠬᠡᠶ ᠲᠡᠷᠭᠡ ᠪᠠ ᠮᠠᠱᠢᠨ ᠬᠥᠮᠦᠨ᠎ᠦ ᠲᠤᠷᠱᠢᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠬᠤᠷᠢᠶᠠᠨ ᠠᠪᠴᠤ ᠬᠦᠷᠬᠡᠬᠦ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠠᠢ ᠬᠡᠵᠤ ᠢᠯᠡᠳᠬᠡᠪᠡ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号