ᠰᠤᠷᠪᠤᠯᠵᠢᠯᠠᠭ᠍ᠴᠢ 1 ᠤ᠋ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ 12 ᠰᠠᠷ᠎ᠠ᠎ᠶ᠋ᠢᠨ 1 ᠤ᠋ ᠡᠳᠦᠷ᠎ᠡᠴᠡ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠨᠢᠯᠬ᠎ᠠ ᠬᠡᠦᠬᠡᠳ᠎ᠦᠨ ᠤᠤᠭᠤᠬᠤ ᠱᠢᠩᠭᠡᠨ ᠲᠥ᠋ᠯᠥᠪᠲᠦ ᠰᠦ᠋ ᠵᠢᠨ ᠪᠦᠲᠦᠭᠡᠭ᠌ᠳᠡᠬᠦᠨ᠎ᠦ ᠨᠠᠢᠷᠠᠯᠭ᠎ᠠ᠎ᠶ᠋ᠢᠨ ᠲᠤᠬᠠᠶ ᠠᠵᠤ ᠠᠬᠤᠢᠯᠠᠯ᠎ᠤᠨ ᠳᠠᠩᠰᠠᠯᠠᠭᠤᠯᠬᠤ ᠭᠤᠶᠤᠴᠢᠯᠠᠯ᠎ᠢ ᠵᠢᠩᠬᠢᠨᠢ᠎ᠪᠡᠷ ᠭᠥᠯᠢᠶᠡᠨ ᠠᠪᠴᠤ ᠰᠢᠢᠳᠪᠤᠷᠢᠯᠠᠪᠠ᠃ ᠨᠢᠯᠬ᠎ᠠ ᠬᠡᠦᠬᠡᠳ᠎ᠦᠨ ᠤᠤᠭᠤᠬᠤ ᠱᠢᠩᠭᠡᠨ ᠲᠥᠯᠥᠪᠲᠦ ᠰᠦ᠋ ᠵᠢᠨ ᠪᠦᠲᠦᠭᠡᠭ᠌ᠳᠡᠬᠦᠨ᠎ᠦ ᠨᠠᠢᠷᠠᠯᠭ᠎ᠠ ᠵᠢᠨ ᠳᠠᠩᠰᠠᠯᠠᠭᠤᠯᠬᠤ ᠭᠤᠶᠤᠴᠢᠯᠠᠯ᠎ᠢ ᠬᠦᠯᠢᠶᠡᠨ ᠠᠪᠴᠤ᠌ ᠱᠢᠶ᠋ᠳᠪᠦᠷᠢᠯᠡᠬᠦ᠌᠂ ᠮᠡᠷᠭᠡᠵᠢᠯ᠎ᠦᠨ ᠬᠢᠨᠠᠨ ᠦᠨᠡᠯᠡᠬᠦ᠌᠂ ᠲᠤᠬᠠᠶ᠎ᠶ᠋ᠢᠨ ᠭᠠᠵᠠᠷ᠎ᠲᠤᠨᠢ ᠬᠢᠨᠠᠨ ᠪᠠᠢᠴᠠᠭᠠᠬᠤ ᠵᠡᠷᠭᠡ ᠳᠡᠰ ᠳᠠᠷᠠᠭᠠᠯᠠᠯ ᠪᠣᠯᠤᠨ ᠱᠠᠭᠠᠷᠳᠠᠯᠭ᠎ᠠ ᠨᠢ ᠶᠡᠷᠦᠩᠬᠡᠶ᠎ᠳᠡᠭᠡᠨ ᠨᠢᠯᠬ᠎ᠠ ᠬᠡᠦᠬᠡᠳ᠎ᠦᠨ ᠤᠤᠭᠤᠬᠤ ᠰᠦ᠋ ᠵᠢᠨ ᠪᠦᠲᠦᠭᠡᠭ᠌ᠳᠡᠬᠦᠨ᠎ᠦ ᠨᠠᠢᠷᠠᠯᠭ᠎ᠠ ᠳᠠᠩᠰᠠᠯᠠᠭᠤᠯᠬᠤᠯᠤᠭᠠ ᠨᠢᠭᠡᠳᠦᠯᠲᠡᠶ ᠪᠠᠢᠬᠤ ᠬᠡᠷᠡᠭ᠌ᠲᠡᠶ᠃
ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠢᠳᠡᠭᠡᠨ᠎ᠦ ᠠᠮᠤᠷ ᠲᠦᠪᠱᠢᠨ᠎ᠦ ᠬᠠᠤᠯᠢ᠎ᠶ᠋ᠢ 12 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠬᠡᠷᠡᠭ᠌ᠵᠢᠭᠦᠯᠵᠦ᠍᠂ ᠨᠢᠯᠬ᠎ᠠ ᠬᠡᠦᠬᠡᠳ᠎ᠦᠨ ᠤᠤᠭᠤᠬᠤ ᠱᠢᠩᠭᠡᠨ ᠲᠦᠯᠤᠪ᠎ᠳᠤ ᠰᠦ᠋ ᠵᠢᠨ ᠬᠢᠨᠠᠯᠲᠠ ᠬᠠᠮᠢᠶᠠᠷᠤᠯᠲᠠ᠎ᠳᠤ ᠴᠢᠭ᠌ᠯᠡᠭᠦᠯᠦᠨ ᠲᠡᠭᠦᠯᠳᠡᠷᠵᠢᠭᠦᠯᠵᠦ᠍᠂ ᠨᠢᠯᠬ᠎ᠠ ᠬᠡᠦᠬᠡᠳ᠎ᠦᠨ ᠤᠤᠭᠤᠬᠤ ᠱᠢᠩᠭᠡᠨ ᠲᠦᠯᠦᠪᠳᠦ ᠰᠦ᠋ ᠵᠢ ᠳᠡᠩᠰᠡᠯᠡᠨ ᠬᠠᠮᠢᠶᠠᠷᠬᠤ᠎ᠳᠤ ᠣᠷᠣᠭᠤᠯᠪᠠ᠃
ᠲᠠᠨᠢᠯᠴᠠᠭᠤᠯᠤᠭ᠍ᠰᠠᠨ᠎ᠢᠶᠠᠷ᠂ ᠨᠢᠯᠬ᠎ᠠ ᠬᠡᠦᠬᠡᠳ᠎ᠦᠨ ᠤᠤᠭᠤᠬᠤ ᠰᠦᠨ ᠲᠠᠯᠬ᠎ᠠ᠎ᠲᠠᠶ ᠬᠠᠷᠢᠴᠠᠭᠤᠯᠪᠠᠯ᠂ ᠨᠢᠯᠬ᠎ᠠ ᠬᠡᠦᠬᠡᠳ᠎ᠦᠨ ᠤᠤᠭᠤᠬᠤ ᠱᠢᠩᠭᠡᠨ ᠲᠦᠯᠤᠪ᠎ᠳᠤ ᠰᠦ᠋ ᠨᠢ ᠮᠢᠺᠷᠣᠪ ᠪᠠ ᠲᠣᠭ᠍ᠲᠠᠪᠤᠷᠢᠲᠤ ᠴᠢᠨᠠᠷ᠎ᠲᠤ ᠨᠠᠩ ᠴᠢᠩᠭ᠎ᠠ ᠡᠵᠡᠮᠳᠡᠬᠦ ᠱᠠᠭᠠᠷᠳᠠᠯᠭ᠎ᠠ ᠳᠠᠢ ᠶᠤᠮ᠃ ᠡᠨᠡ ᠵᠢᠯ᠎ᠦᠨ 9 ᠰᠠᠷ᠎ᠠ᠎ᠳᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ 《ᠨᠢᠯᠬ᠎ᠠ ᠬᠡᠦᠬᠡᠳ᠎ᠦᠨ ᠤᠤᠭᠤᠬᠤ ᠰᠦᠨ ᠲᠠᠯᠬ᠎ᠠ᠎ᠶ᠋ᠢᠨ ᠦᠶ᠋ᠯᠡᠳᠬᠦᠨ᠎ᠦ ᠨᠠᠢᠷᠠᠯᠭ᠎ᠠ᠎ᠶ᠋ᠢ ᠳᠠᠩᠰᠠᠯᠠᠭᠤᠯᠬᠤ ᠬᠠᠮᠢᠶᠠᠷᠤᠯᠲᠠ᠎ᠶ᠋ᠢᠨ ᠠᠷᠭ᠎ᠠ》 ᠳ᠋ᠤ ᠵᠠᠰᠠᠪᠤᠷᠢ ᠣᠷᠣᠭᠤᠯᠵᠤ᠂ ᠭᠤᠷᠪᠠᠨ ᠲᠠᠯ᠎ᠠ᠎ᠪᠠᠷ ᠳᠠᠩᠰᠠᠯᠠᠭᠤᠯᠬᠤ ᠱᠠᠭᠠᠷᠳᠠᠯᠭ᠎ᠠ᠎ᠶ᠋ᠢ ᠭᠤᠤᠯᠳᠠᠯᠭ᠎ᠠ ᠲᠠᠶ ᠲᠣᠳᠣᠷᠬᠠᠢᠯᠠᠪᠠ᠄ ᠲᠦᠭᠦᠬᠡᠶ ᠰᠦ᠋ ᠳ᠋ᠡᠬᠢ ᠬᠦᠶ᠋ᠲᠡᠨᠪᠠᠺᠲ᠋ᠧᠷᠢ᠂ ᠬᠠᠯᠠᠭᠤᠨ᠎ᠳᠤ ᠳᠠᠭᠠᠭᠠᠮᠠᠭᠠᠶ ᠰᠫᠣᠷᠲᠤ ᠪᠠᠺᠲ᠋ᠧᠷᠢ ᠵᠡᠷᠭᠡ ᠲᠦᠭᠦᠬᠡᠶ ᠲᠤᠰᠠᠯᠠᠬᠤ ᠮᠠᠲ᠋ᠧᠷᠢᠶᠠᠯ ᠤ᠋ᠨ ᠮᠢᠺᠷᠣᠪ᠎ᠤᠨ ᠲᠦᠭ᠌ᠰᠢᠭᠦᠷᠢ᠎ᠶ᠋ᠢ ᠬᠢᠵᠠᠭᠠᠷᠯᠠᠬᠤ ᠳ᠋ᠤ ᠱᠠᠭᠠᠷᠳᠠᠯᠭ᠎ᠠ ᠳᠤᠷᠠᠳᠪᠠ; ᠦᠶ᠋ᠯᠡᠳᠬᠦᠨ᠎ᠦ ᠰᠤᠳᠤᠯᠤᠨ ᠨᠡᠭᠡᠭᠡᠯᠲᠡ ᠳᠤᠮᠳᠠᠬᠢ ᠲᠣᠭ᠍ᠲᠠᠪᠤᠷᠢᠲᠤ ᠴᠢᠨᠠᠷ᠎ᠢ ᠪᠠᠲᠤᠯᠠᠬᠤ ᠳ᠋ᠤ ᠱᠠᠭᠠᠷᠳᠠᠯᠭ᠎ᠠ ᠳᠤᠷᠠᠳᠴᠤ᠌᠂ ᠦᠶ᠋ᠯᠡᠳᠬᠦᠨ᠎ᠦ ᠱᠢᠰᠲ᠋ᠧᠮ ᠤ᠋ᠨ ᠲᠣᠭ᠍ᠲᠠᠭᠤᠨ ᠪᠠᠢᠬᠤ᠎ᠶ᠋ᠢ ᠳᠣᠲᠣᠭᠠᠳᠤ ᠡᠵᠡᠮᠳᠡᠯ᠎ᠤ᠋ᠨ ᠦᠨᠡᠯᠡᠬᠦ᠌ ᠪᠠᠷᠢᠮᠵᠢᠶ᠎ᠠ᠂ ᠦᠨᠡᠯᠡᠬᠦ᠌ ᠭᠦᠶ᠋ᠴᠡᠳᠭᠡᠯ ᠲᠣᠭ᠎ᠠ ᠵᠢᠴᠢ ᠪᠠᠢᠴᠠᠭᠠᠨ ᠬᠡᠮᠵᠢᠬᠦ᠌ ᠠᠷᠭ᠎ᠠ ᠵᠡᠷᠭᠡ᠎ᠶ᠋ᠢ ᠲᠣᠭ᠍ᠲᠠᠭᠠᠬᠤ ᠬᠡᠷᠡᠭ᠌ᠲᠡᠶ ᠭᠡᠵᠦ᠍ ᠱᠠᠭᠠᠷᠳᠠᠪᠠ; ᠦᠢᠯᠡᠳᠪᠦᠷᠢᠯᠡᠯ᠎ᠦᠨ ᠤᠷ᠎ᠠ ᠮᠡᠷᠭᠡᠵᠢᠯ᠎ᠢ ᠱᠢᠯᠭᠠᠨ ᠪᠠᠲᠤᠯᠠᠬᠤ᠂ ᠦᠢᠯᠡᠳᠬᠦᠨ᠎ᠢ ᠱᠢᠯᠭᠠᠨ ᠪᠠᠢᠴᠠᠭᠠᠬᠤ ᠵᠢᠴᠢ ᠪᠠᠺᠲ᠋ᠧᠷᠢ ᠤᠰᠠᠳᠭᠠᠭ᠍ᠤ ᠦᠷ᠎ᠡ ᠪᠦᠲᠦᠮᠵᠢ᠎ᠶ᠋ᠢ ᠱᠢᠯᠭᠠᠨ ᠪᠠᠲᠤᠯᠠᠬᠤ ᠵᠡᠷᠭᠡ᠎ᠳᠦ ᠪᠣᠳᠠᠲᠠᠢ ᠱᠠᠭᠠᠷᠳᠠᠯᠭ᠎ᠠ ᠳᠤᠷᠠᠳᠴᠠᠢ᠃
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠨᠢᠯᠬ᠎ᠠ ᠬᠡᠦᠬᠡᠳ ᠤ᠋ᠨ ᠤᠤᠭᠤᠬᠤ ᠱᠢᠩᠭᠡᠨ ᠲᠥ᠋ᠯᠥᠪᠲᠦ ᠰᠦ᠋ ᠵᠢᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠦᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠨᠢᠯᠬ᠎ᠠ ᠬᠡᠦᠬᠡᠳ᠎ᠤ᠋ᠨ ᠤᠤᠭᠤᠬᠤ ᠱᠢᠩᠭᠡᠨ ᠲᠥ᠋ᠯᠥᠪᠲᠦ ᠰᠦ ᠶ᠋ᠢᠨ ᠪᠦᠲᠦᠭᠡᠭ᠌ᠳᠡᠬᠦᠨ᠎ᠦ ᠨᠠᠢᠷᠠᠯᠭ᠎ᠠ᠎ᠶ᠋ᠢᠨ ᠠᠮᠤᠷ ᠲᠦᠪᠱᠢᠨ ᠴᠢᠨᠠᠷ᠂ ᠱᠢᠨᠵᠢᠯᠡᠬᠦ᠌ ᠤᠬᠠᠭᠠᠨᠴᠢ ᠴᠢᠨᠠᠷ᠎ᠢ ᠤᠯᠠᠮ ᠨᠢᠭᠡ ᠠᠯᠬᠤᠮ ᠴᠢᠩᠭ᠎ᠠ ᠬᠢᠨᠠᠵᠤ᠂ ᠨᠢᠯᠬ᠎ᠠ ᠬᠡᠦᠬᠡᠳ᠎ᠤ᠋ᠨ ᠤᠤᠭᠤᠬᠤ ᠱᠢᠩᠭᠡᠨ ᠲᠥ᠋ᠯᠥᠪᠲᠦ ᠰᠦ ᠶ᠋ᠢᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠥᠬᠥ᠌ ᠶᠠᠪᠤᠴᠠ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ ᠭᠡᠵᠤ ᠢᠯᠡᠳᠬᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ )