ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂ 11 ᠰᠠᠷ᠎ᠠ ᠢ᠋ᠢᠨ 30 ᠤ᠋ ᠡᠳᠦᠷ ᠬᠠᠲᠤᠨ ᠭᠤᠤᠯ ᠤ᠋ᠨ ᠥᠪᠥᠷ ᠮᠣᠩᠭᠣᠯ ᠳ᠋ᠡᠬᠢ ᠬᠡᠰᠡᠭ ᠤ᠋ᠨ ᠭᠤᠤᠯ ᠤ᠋ᠨ ᠭᠤᠯᠳᠤᠷᠢᠯ ᠢ᠋ ᠵᠠᠰᠠᠬᠤ ᠢᠨᠵᠧᠨᠧᠷᠢᠩ ᠤ᠋ᠨ ᠱ᠌ᠢ ᠰᠧ ᠹᠧᠨ ᠽᠢ ᠠᠶᠤᠯᠲᠠᠶ ᠪᠠᠷᠢᠯᠭ᠎ᠠ ᠢ᠋ᠢᠨ ᠪᠡᠯᠡᠳᠭᠡᠯ ᠢᠨᠵᠧᠨᠧᠷᠢᠩ ᠤ᠋ᠨ ᠪᠠᠷᠢᠯᠭ᠎ᠠ ᠵᠢ ᠲᠣᠭ᠍ᠲᠠᠬᠤ ᠱᠢᠶᠠᠨ ᠳ᠋ᠤ ᠡᠬᠢᠯᠡᠭᠦᠯᠪᠡ᠃ ᠡᠨᠡ ᠨᠢ ᠬᠠᠲᠤᠨ ᠭᠤᠤᠯ ᠤ᠋ᠨ ᠥᠪᠥᠷ ᠮᠣᠩᠭᠣᠯ ᠳ᠋ᠡᠬᠢ ᠬᠡᠰᠡᠭ ᠤ᠋ᠨ ᠭᠤᠤᠯ ᠤ᠋ᠨ ᠭᠤᠯᠳᠤᠷᠢᠯ ᠢ᠋ ᠵᠠᠰᠠᠬᠤ ᠢᠨᠵᠧᠨᠧᠷᠢᠩ ᠪᠠᠷᠢᠯᠭ᠎ᠠ ᠵᠢᠨ ᠱᠠᠲᠤᠨ ᠳ᠋ᠤ ᠣᠷᠣᠭ᠍ᠰᠠᠨ ᠢ᠋ ᠬᠠᠷᠠᠭᠤᠯᠵᠤ ᠪᠠᠢᠨ᠎ᠠ᠃
ᠣᠢᠯᠠᠭᠠᠭ᠍ᠰᠠᠨ ᠢ᠋ᠢᠡᠷ᠂ ᠲᠣᠰ ᠢᠨᠵᠧᠨᠧᠷᠢᠩ ᠤ᠋ᠨ ᠶᠡᠷᠦᠩᠬᠡᠶ ᠪᠠᠯᠠ ᠣᠷᠣᠭᠤᠯᠤᠯᠲᠠ 32.97 ᠳ᠋ᠦᠩᠱᠢᠭᠤᠷ ᠲᠥᠭᠥᠷᠢᠭ ᠪᠠᠢᠵᠤ᠂ ᠤᠯᠤᠰ ᠪᠠ ᠦᠪᠡᠷᠳᠡᠬᠡᠨ ᠵᠠᠰᠠᠬᠤ ᠤᠷᠤᠨ ᠡᠴᠡ ᠲᠥᠯᠥᠪᠵᠢᠭᠦᠯᠵᠦ᠍ ᠬᠡᠷᠡᠭ᠌ᠵᠢᠭᠦᠯᠦᠭ᠌ᠰᠡᠨ ᠴᠢᠬᠤᠯᠠ ᠶᠡᠬᠡ ᠤᠰᠤᠨ ᠠᠱᠢᠭ᠍ᠯᠠᠯᠲᠠ ᠢ᠋ᠢᠨ ᠢᠨᠵᠧᠨᠧᠷᠢᠩ ᠪᠣᠯᠤᠨ᠎ᠠ᠃ ᠢᠨᠵᠧᠨᠧᠷᠢᠩ ᠤ᠋ᠨ ᠬᠠᠮᠤᠷᠬᠤ ᠬᠠᠳᠤᠨ ᠭᠤᠤᠯ ᠤ᠋ᠨ ᠣᠷᠳᠣ ᠨᠢ 689.7 ᠺᠢᠯᠣᠮᠧᠲ᠋ᠷ ᠪᠠᠢᠵᠤ᠂ ᠪᠠᠷᠤᠭ ᠬᠠᠲᠤᠨ ᠭᠤᠤᠯ ᠤ᠋ᠨ ᠥᠪᠥᠷ ᠮᠣᠩᠭᠣᠯ ᠳ᠋ᠠᠬᠢ ᠬᠡᠰᠡᠭ ᠤ᠋ᠨ ᠭᠤᠤᠯ ᠤᠷᠤᠰᠭᠠᠯ ᠤ᠋ᠨ ᠶᠡᠷᠦᠩᠬᠡᠶ ᠣᠷᠳᠣ ᠢ᠋ᠢᠨ 82% ᠢ᠋ ᠡᠵᠡᠯᠡᠪᠠ᠃ ᠪᠥᠲᠥᠭᠡᠨ ᠪᠠᠢᠭᠤᠯᠤᠯᠲᠠ ᠢ᠋ᠢᠨ ᠠᠭᠤᠯᠭ᠎ᠠ ᠳ᠋ᠤ ᠭᠤᠤᠯ ᠤᠷᠤᠰᠭᠠᠯ ᠤ᠋ᠨ ᠬᠠᠱᠢᠯᠭᠠ ᠳᠠᠯᠠᠩ ᠢ᠋ ᠦᠨᠳᠤᠷᠬᠡᠳᠬᠡᠨ ᠵᠤᠵᠠᠭᠠᠳᠬᠠᠬᠤ᠂ ᠭᠤᠤᠯ ᠤ᠋ᠨ ᠭᠤᠯᠳᠤᠷᠢᠯ ᠢ᠋ ᠴᠡᠭ᠌ᠴᠡᠯᠡᠨ ᠵᠠᠰᠠᠬᠤ᠂ ᠨᠦᠯᠦᠮᠡᠯ ᠭᠠᠵᠠᠷ ᠢ᠋ ᠵᠠᠰᠠᠬᠤ ᠵᠢᠴᠢ ᠬᠠᠰᠢᠯᠭ᠎ᠠ ᠢ᠋ᠢ ᠰᠡᠯᠪᠢᠨ ᠵᠠᠰᠠᠵᠤ ᠪᠡᠬᠢᠵᠢᠭᠦᠯᠬᠦ᠌ ᠪᠠ ᠪᠥᠭ᠌ᠯᠡᠬᠦ᠌ ᠵᠡᠷᠭᠡ ᠪᠠᠷᠢᠯᠭ᠎ᠠ ᠪᠠᠭ᠍ᠲᠠᠨᠠ᠃
ᠲᠤᠰ ᠢᠨᠵᠧᠨᠧᠷᠢᠩ ᠵᠢᠡᠷ ᠲᠠᠮᠵᠢᠨ ᠬᠠᠲᠤᠨ ᠭᠤᠤᠯ ᠤ᠋ᠨ ᠦᠶᠡᠷ ᠢ᠋ ᠰᠡᠷᠭᠡᠢᠯᠡᠬᠦ᠌ ᠱᠢᠰᠲ᠋ᠧᠮ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠠᠲᠤᠨ ᠭᠤᠤᠯ ᠤ᠋ᠨ ᠥᠪᠥᠷ ᠮᠣᠩᠭᠣᠯ ᠳ᠋ᠠᠬᠢ ᠬᠡᠰᠡᠭ ᠤ᠋ᠨ ᠦᠶᠡᠷ ᠪᠠ ᠰᠥᠩ ᠬᠠᠯᠢᠶ᠎ᠠ ᠢ᠋ᠢ ᠰᠡᠷᠭᠡᠢᠯᠡᠬᠦ᠌ ᠴᠢᠳᠠᠪᠤᠷᠢ ᠢ᠋ᠢ ᠳᠡᠭᠡᠭ᠌ᠰᠢᠯᠡᠭᠦᠯᠦᠨ᠂ ᠭᠤᠤᠯ ᠤ᠋ᠨ ᠬᠤᠶᠠᠷ ᠬᠦᠪᠡᠬᠡ ᠵᠢᠨ ᠠᠷᠠᠳ ᠲᠦᠮᠡᠨ ᠤ᠋ ᠠᠮᠢ ᠨᠠᠰᠤ ᠡᠳ᠋ ᠬᠥᠷᠥᠩᠭᠡ ᠢ᠋ᠢᠨ ᠠᠮᠤᠷ ᠲᠦᠪᠱᠢᠨ ᠪᠠ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢ ᠬᠦᠴᠦᠲᠡᠶ ᠪᠠᠲᠤᠯᠠᠬᠤ ᠪᠤᠯᠤᠨ᠎ᠠ᠃ ᠥᠪᠥᠷ ᠮᠣᠩᠭᠣᠯ ᠤ᠋ᠨ ᠤᠰᠤᠨ ᠠᠱᠢᠭ᠍ᠯᠠᠯᠲᠠ ᠢ᠋ᠢᠨ ᠲᠢᠩᠬᠢᠮ ᠲᠣᠭ᠍ᠲᠠᠮᠠᠯ ᠬᠤᠭᠤᠴᠠᠭ᠎ᠠ ᠲᠠᠶ ᠪᠠᠷ ᠲᠣᠬᠢᠷᠠᠭᠤᠯᠬᠤ᠂ ᠬᠥᠳᠡᠯᠦᠩᠭᠦᠶ ᠪᠡᠷ ᠬᠠᠮᠢᠶᠠᠷᠬᠤ ᠢ᠋ᠢ ᠦᠨᠡᠨ ᠬᠦ᠌ ᠰᠠᠢᠲᠤᠷ ᠬᠢᠵᠦ᠍᠂ ᠲᠥᠷᠥᠯ ᠵᠦᠶ᠋ᠯ ᠢ᠋ ᠠᠬᠢᠭᠤᠯᠬᠤ ᠶᠠᠪᠤᠴᠠ ᠳ᠋ᠠᠬᠢ ᠬᠦᠴᠢᠷ ᠠᠰᠠᠭᠤᠳᠠᠯ ᠢ᠋ ᠴᠠᠭ ᠲᠤᠬᠠᠶ ᠳ᠋ᠤᠨᠢ ᠱᠢᠶ᠋ᠳᠪᠦᠷᠢᠯᠡᠨ᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠢ᠋ᠢ ᠦᠨᠡᠨ ᠬᠦ᠌ ᠪᠠᠲᠤᠯᠠᠵᠤ ᠪᠠᠢᠨ᠎ᠠ᠃