ᠥᠪᠥᠷ ᠮᠣᠩᠭᠣᠯ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠬᠤ ᠱᠢᠰᠲ᠋ᠧᠮ ᠤ᠋ᠨ ᠪᠠᠢᠭᠤᠯᠤᠯᠲᠠ ᠵᠢ ᠪᠥᠬᠥ᠌ ᠲᠠᠯ᠎ᠠ ᠪᠡᠷ ᠠᠬᠢᠭᠤᠯᠵᠤ᠂ ᠮᠡᠷᠭᠡᠵᠢᠯ ᠤ᠋ᠨ ᠱᠢᠨ᠎ᠡ ᠵᠢ ᠡᠭᠦᠳᠬᠦ᠌᠂ ᠵᠠᠭ᠍ᠪᠤᠷ ᠤ᠋ᠨ ᠰᠢᠨ᠎ᠠ ᠵᠢ ᠰᠦᠪᠡᠭ᠌ᠴᠢᠯᠡᠬᠦ᠌᠂ ᠠᠵᠤ ᠦᠶ᠋ᠯᠡᠰ ᠢ᠋ ᠪᠣᠢᠵᠢᠭᠤᠯᠬᠤ ᠪᠡᠷ ᠳᠠᠮᠵᠢᠨ ᠥᠩᠭᠡᠷᠡᠭ᠌ᠰᠡᠨ ᠤ᠋ ᠲᠠᠷᠢᠶᠠᠨ ᠭᠠᠵᠠᠷ ᠤ᠋ᠨ ᠬᠠᠶᠠᠭ᠍ᠳᠠᠮᠠᠯ ᠢ᠋ ᠮᠠᠯ ᠠᠵᠤ ᠠᠬᠤᠢ ᠲᠠᠷᠢᠶᠠᠯᠠᠡᠭ ᠤ᠋ᠨ ᠦᠢᠯᠡᠳᠪᠦᠷᠢᠯᠡᠯ ᠳ᠋ᠦ ᠡᠬᠢ ᠪᠠᠶᠠᠯᠢᠭᠵᠢᠭᠤᠯᠤᠨ ᠠᠰᠢᠭᠯᠠᠵᠤ᠂ ᠠᠮᠢ ᠠᠬᠤᠶ ᠶ᠋ᠢᠨ ᠦᠷ᠎ᠡ ᠠᠱᠢᠭ ᠬᠢᠭᠡᠳ ᠠᠵᠤ ᠠᠬᠤᠶ ᠶ᠋ᠢᠨ ᠦᠷ᠎ᠡ ᠠᠱᠢᠭ ᠤ᠋ᠨ ᠬᠤᠤᠰ ᠳᠡᠭᠡᠭ᠌ᠰᠢᠯᠡᠯᠲᠡ ᠵᠢ ᠪᠡᠶᠡᠯᠡᠭᠦᠯᠪᠡ᠃
ᠪᠥᠬᠥ᠌ ᠤᠯᠤᠰ ᠤ᠋ᠨ ᠠᠮᠤ ᠪᠤᠳᠠᠭᠠᠨ ᠤ᠋ ᠭᠤᠤᠯ ᠭᠠᠷᠤᠯᠲᠠ ᠶ᠋ᠢᠨ ᠣᠷᠣᠨ ᠪᠣᠯᠤᠭ᠍ᠰᠠᠨ ᠤ᠋ ᠬᠤᠪᠢ ᠳ᠋ᠦ ᠥᠪᠥᠷ ᠮᠣᠩᠭᠣᠯ ᠵᠢᠯ ᠪᠦᠷᠢ 4600 ᠲᠦᠮᠡᠨ ᠳᠤᠨ ᠡᠰᠢ ᠰᠦᠷᠡᠯ ᠬᠤᠷᠢᠶᠠᠵᠤ ᠪᠤᠢ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠮᠠᠨ ᠤ᠋ ᠤᠷᠤᠨ ᠡᠰᠢ ᠰᠦᠷᠡᠯ ᠢ᠋ ᠪᠤᠷᠳᠤᠭᠤᠷ ᠪᠤᠯᠭᠠᠨ ᠠᠰᠢᠭᠯᠠᠬᠤ᠂ ᠪᠤᠷᠳᠤᠭ᠎ᠠ ᠪᠤᠯᠭᠠᠨ ᠠᠰᠢᠭᠯᠠᠬᠤ᠂ ᠲᠦᠯᠡᠰᠢ ᠪᠤᠯᠭᠠᠨ ᠠᠰᠢᠭᠯᠠᠬᠤ᠂ ᠦᠨᠳᠤᠰᠤᠨ ᠮᠠᠲᠸᠷᠢᠶᠠᠯ ᠪᠤᠯᠭᠠᠨ ᠠᠰᠢᠭᠯᠠᠬᠤ ᠳ᠋ᠦ ᠠᠡᠭᠬᠠᠷᠤᠯ ᠶ᠋ᠢᠡᠨ ᠲᠦᠪᠯᠡᠷᠡᠭᠦᠯᠵᠦ᠂ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠬᠤ ᠣᠯᠠᠨ ᠡᠱᠢᠵᠢᠭ᠌ᠰᠡᠨ ᠪᠠᠢᠷᠢᠱᠢᠯ ᠢ᠋ ᠪᠠᠢᠭᠤᠯᠤᠨ᠂ 2024 ᠣᠨ ᠤ᠋ ᠵᠢᠯ ᠤ᠋ᠨ ᠡᠴᠦᠰ ᠪᠣᠯᠲᠠᠯ᠎ᠠ ᠪᠥᠬᠥ᠌ ᠣᠷᠣᠨ ᠤ᠋ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠬᠤ ᠨᠣᠷᠮ᠎ᠠ ᠵᠢ 2020 ᠣᠨ ᠤ᠋ 88.3% ᠪᠠᠢᠭ᠍ᠰᠠᠨ ᠡᠴᠡ ᠪᠠᠨ 92.15% ᠪᠣᠯᠭᠠᠨ ᠳᠡᠭᠡᠭ᠌ᠰᠢᠯᠡᠭᠦᠯᠵᠦ᠍᠂ ᠪᠥᠬᠥ᠌ ᠤᠯᠤᠰ ᠤ᠋ᠨ ᠳᠤᠮᠳᠠᠴᠢ ᠲᠦᠪᠱᠢᠨ ᠡᠴᠡ ᠵᠠᠭᠤᠨ ᠤ᠋ ᠬᠠᠷᠢᠴᠠᠯ ᠶ᠋ᠢᠡᠷ 4 ᠬᠤᠪᠢ ᠲᠠᠪᠠᠵᠤ᠂ ᠵᠢᠯ ᠤ᠋ᠨ ᠡᠰᠢ ᠰᠦᠷᠡᠯ ᠢ᠋ ᠡᠬᠢ ᠪᠠᠶᠠᠯᠢᠭᠵᠢᠭᠤᠯᠤᠨ ᠠᠱᠢᠭ᠍ᠯᠠᠬᠤ ᠬᠡᠮᠵᠢᠶ᠎ᠡ ᠵᠢ 4200 ᠲᠦᠮᠡᠨ ᠲᠣᠨ ᠳ᠋ᠦ ᠬᠦᠷᠭᠡᠪᠡ᠃
ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠡᠰᠢ ᠰᠦᠷᠡᠯ ᠢ᠋ ᠬᠣᠷᠢᠶᠠᠨ ᠬᠠᠳᠠᠭᠠᠯᠠᠵᠤ ᠲᠡᠭᠡᠭᠡᠪᠦᠷᠢᠯᠡᠬᠦ᠌ ᠱᠢᠰᠲ᠋ᠧᠮ ᠤ᠋ᠨ ᠪᠠᠢᠭᠤᠯᠤᠯᠲᠠ ᠵᠢ ᠭᠤᠤᠯᠳᠠᠯᠭ᠎ᠠ ᠲᠠᠶ ᠳᠡᠮᠵᠢᠵᠦ᠍᠂ ᠡᠯ᠎ᠡ ᠲᠥᠷᠥᠯ ᠤ᠋ᠨ ᠡᠰᠢ ᠰᠦᠷᠡᠯ ᠤ᠋ᠨ ᠦᠶ᠋ᠯᠡᠴᠢᠯᠡᠭᠡᠨ ᠤ᠋ ᠭᠤᠤᠯ ᠴᠣᠭ᠍ᠴᠠ ᠵᠢ 7500 ᠭᠠᠷᠤᠶ᠂ ᠡᠯ᠎ᠡ ᠲᠥᠷᠥᠯ ᠤ᠋ᠨ ᠵᠠᠬ᠎ᠠ ᠳᠡᠯᠭᠡᠭᠦᠷ ᠤ᠋ᠨ ᠡᠵᠡᠩᠨᠡᠵᠦ᠍ ᠠᠱᠢᠭ᠍ᠯᠠᠬᠤ ᠭᠤᠤᠯ ᠴᠣᠭ᠍ᠴᠠ ᠵᠢ 3800 ᠭᠠᠷᠤᠶ ᠪᠣᠢᠵᠢᠭᠤᠯᠵᠤ᠂ ᠶᠡᠷᠦᠩᠬᠡᠢᠯᠡᠭ᠌ᠰᠡᠨ ᠦᠶ᠋ᠯᠡᠳᠬᠦᠨ ᠤ᠋ ᠥᠷᠲᠡᠭ ᠨᠢ 310 ᠳ᠋ᠦᠩᠱᠢᠭᠤᠷ ᠲᠥᠭᠥᠷᠢᠭ ᠢ᠋ ᠳᠠᠪᠠᠪᠠ᠃ ᠤᠳᠤᠬᠠᠨ ᠪᠤᠯᠳᠠᠯ᠎ᠠ ᠮᠠᠨ ᠤ᠋ ᠤᠷᠤᠨ ᠨᠢᠭᠡᠨᠲᠡ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠬᠤ ᠵᠡᠷᠭᠡ ᠬᠠᠮᠢᠶ᠎ᠠ ᠪᠦᠬᠦᠢ ᠲᠥᠷᠥᠯ ᠵᠦᠢᠯ ᠤ᠋ᠨ ᠪᠡᠯᠡ ᠮᠥᠩᠭᠥ ᠵᠢ 8 ᠳ᠋ᠦᠩᠱᠢᠭᠤᠷ ᠲᠥᠭᠥᠷᠢᠭ ᠣᠯᠵᠤ᠂ ᠡᠰᠢ ᠰᠦᠷᠡᠯ ᠢ᠋ ᠲᠡᠵᠢᠭᠡᠯ ᠪᠣᠷᠳᠣᠭ᠎ᠠ ᠪᠤᠯᠭᠠᠨ ᠠᠱᠢᠭ᠍ᠯᠠᠬᠤ ᠱᠢᠨ᠎ᠡ ᠮᠡᠷᠭᠡᠵᠢᠯ ᠪᠣᠯᠤᠨ ᠲᠣᠨᠣᠭ ᠲᠥᠬᠥᠭᠡᠷᠦᠮᠵᠢ ᠶ᠋ᠢᠨ ᠰᠤᠳᠤᠯᠭᠠᠨ ᠦᠷᠨᠢᠭᠦᠯᠵᠦ᠂ ᠪᠥᠬᠥ᠌ ᠣᠷᠣᠨ ᠤ᠋ ᠡᠰᠢ ᠰᠦᠷᠡᠯ ᠢ᠋ ᠪᠤᠷᠳᠤᠭ᠎ᠠ ᠪᠤᠯᠭᠠᠨ ᠠᠱᠢᠭ᠍ᠯᠠᠬᠤ ᠨᠣᠷᠮ᠎ᠠ 65% ᠳ᠋ᠦ ᠬᠦᠷᠴᠦ᠂ ᠪᠤᠷᠳᠤᠭᠤᠷ ᠪᠤᠯᠭᠠᠨ ᠠᠱᠢᠭ᠍ᠯᠠᠬᠤ ᠨᠣᠷᠮ᠎ᠠ 21% ᠳ᠋ᠦ ᠬᠦᠷᠴᠦ᠂ ᠡᠰᠢ ᠰᠦᠷᠡᠯ ᠢ᠋ ᠪᠦᠬᠦᠨ ᠢ᠋ ᠲᠠᠷᠢᠶᠠᠨ ᠭᠠᠵᠠᠷ ᠲᠦ᠍ ᠪᠤᠴᠠᠭᠠᠬᠰᠠᠨ ᠲᠠᠯᠠᠪᠠᠶ 2404 ᠲᠦᠮᠡᠨ ᠮᠦ᠍ ᠳ᠋ᠤ ᠬᠦᠷᠴᠠᠢ᠃