ᠨᠠᠢ᠍ᠮᠠᠨ ᠬᠣᠱᠢᠭᠤ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ ᠠᠷᠠᠳ᠎ᠲᠤ ᠠᠱᠢᠭ ᠬᠦᠷᠲᠡᠭᠡᠪᠡ
2025-12-03 10:09:00
ᠵᠣᠬᠢᠶᠠᠭ᠍ᠴᠢ᠄
ᠡᠣ ᠴᠢᠩ ᠱᠠᠨ
ᠣᠩᠱᠢᠭ᠍ᠰᠠᠨ ᠣᠳᠠᠭ᠎ᠠ᠄
★★★☆☆


QQ截图20250224163936.png


《ᠠᠷᠪᠠᠨ ᠳᠥᠷᠪᠡᠳᠦᠭᠡᠷ  ᠲᠠᠪᠤᠨ ᠵᠢᠯ》 ᠎ᠤ᠋ᠨ ᠲᠥᠯᠥᠪᠵᠢᠭᠦᠯᠭᠡ᠎ᠠᠴᠠ ᠨᠠᠭᠠᠰᠢ᠂ ᠨᠠᠢ᠍ᠮᠠᠨ ᠬᠤᠱᠢᠭᠤ ᠨᠢᠭᠡᠨᠲᠡ ᠡᠯ᠎ᠡ ᠱᠠᠲᠤᠨ᠎ᠤ ᠪᠠᠯᠠ ᠮᠥᠩᠭᠦ᠎ᠶ᠋ᠢ 1.046 ᠳ᠋ᠦᠩᠱᠢᠭᠤᠷ ᠲᠥᠭᠦᠷᠢᠭ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠢᠨᠵᠧᠨᠧᠷᠢᠩ᠎ᠢ 115 ᠱᠢᠨ᠎ᠡ᠎ᠪᠠᠷ ᠪᠠᠢᠭᠤᠯᠤᠭ᠍ᠰᠠᠨ ᠪᠤᠶᠤ ᠥᠭᠡᠷᠡᠴᠢᠯᠡᠨ ᠪᠠᠢᠭᠤᠯᠵᠤ᠂ ᠬᠡᠪᠴᠢᠶᠡᠵᠢᠭ᠌ᠰᠡᠨ ᠤᠰᠤ ᠬᠠᠩᠭᠠᠬᠤ ᠢᠨᠵᠧᠨᠧᠷᠢᠩ ᠵᠢᠴᠢ ᠬᠤᠭᠤᠯᠠᠶ᠎ᠶ᠋ᠢᠨ ᠲᠣᠤᠷ᠎ᠢ ᠤᠷᠲᠤᠳᠭᠠᠬᠤ ᠢᠨᠵᠧᠨᠧᠷᠢᠩ᠎ᠢ ᠬᠡᠷᠡᠭ᠌ᠵᠢᠭᠦᠯᠦᠭ᠌ᠰᠡᠨ ᠪᠥᠭᠡᠳ 288 ᠠᠵᠢᠯᠯᠠᠭᠠᠨ᠎ᠤ ᠳᠤᠮᠳᠠᠬᠢ ᠢᠨᠵᠧᠨᠧᠷᠢᠩ᠎ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠨᠡᠢᠲᠡ ᠪᠠᠷᠤᠭ 30 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ᠃ 《ᠰᠠᠨᠠᠭ᠎ᠠ ᠠᠮᠤᠷ ᠤᠰᠤ》᠂ 《ᠵᠣᠯ ᠵᠢᠷᠭᠠᠯᠲᠤ ᠤᠰᠤ》 ᠶᠠᠭ ᠡᠳᠦᠷ ᠢᠷᠡᠬᠦᠶ᠎ᠡ ᠲᠡᠭᠦᠯᠳᠡᠷᠵᠢᠵᠦ᠍ ᠪᠠᠢᠭ᠎ᠠ ᠤᠰᠤ ᠬᠠᠩᠭᠠᠬᠤ ᠲᠣᠣᠷ ᠰᠦᠯᠵᠢᠶ᠎ᠡ ᠪᠠᠷ ᠳᠠᠮᠵᠢᠨ ᠲᠦᠭ ᠲᠦᠮᠡᠨ ᠠᠢᠯ ᠡᠷᠦᠬᠡ᠎ᠳᠤ ᠣᠷᠣᠵᠤ᠂ ᠨᠠᠢ᠍ᠮᠠᠨ ᠬᠤᠱᠢᠭᠤᠨ᠎ᠤ ᠥᠷᠭᠡᠨ ᠠᠭᠤᠳᠠᠮ ᠭᠠᠵᠠᠷ ᠱᠢᠷᠣᠶ᠎ᠶ᠋ᠢ ᠤᠮᠳᠠᠯᠠᠭ᠍ᠰᠠᠨ ᠪᠥᠭᠡᠳ ᠬᠥᠳᠡᠭᠡ ᠲᠣᠰᠭᠤᠨ᠎ᠢ ᠬᠥᠭ᠌ᠵᠢᠭᠦᠯᠵᠤ ᠮᠠᠨᠳᠤᠭᠤᠯᠬᠤ᠎ᠳᠤ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ ᠨᠡᠮᠡᠷᠢᠯᠡᠵᠤ ᠪᠠᠢᠨ᠎ᠠ᠃ ᠵᠢᠷᠤᠭ ᠪᠤᠯ ᠭᠠᠴᠠᠭᠠᠨ᠎ᠦ ᠡᠷᠦᠬᠡ᠎ᠳᠦ ᠰᠢᠨ᠎ᠡ ᠪᠡᠷ ᠤᠰᠤ ᠬᠠᠩᠭᠠᠵᠦ ᠪᠠᠢᠭ᠎ᠠ ᠨᠢ᠃

ᠡᠣ  ᠴᠢᠩ ᠱᠠᠨ  ᠰᠡᠭᠦᠳᠡᠷᠯᠡᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号