ᠤᠯᠠᠭᠠᠨᠬᠤᠳᠠ 5 ᠲᠦᠮᠡᠨ ᠮᠣ᠌ ᠲᠠᠷᠢᠶᠠᠨ ᠭᠠᠵᠠᠷ᠎ᠢ ᠲᠡᠰ ᠲᠡᠪᠰᠢᠬᠥᠯᠵᠤ ᠲᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠠ ᠳ᠋ᠤ ᠬᠦᠴᠤᠨ ᠨᠡᠮᠡᠷᠢᠯᠡᠵᠦ ᠪᠤᠢ
2025-12-03 15:01:44
ᠵᠣᠬᠢᠶᠠᠭ᠍ᠴᠢ᠄
ᠮᠸᠩ ᠹᠠᠨ ᠾᠦᠢ
ᠣᠩᠱᠢᠭ᠍ᠰᠠᠨ ᠣᠳᠠᠭ᠎ᠠ᠄
★★★☆☆

ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠤᠭᠡᠨ ᠪᠠᠢᠭᠤᠯᠤᠯᠳᠠ ᠠᠮᠥ ᠪᠤᠳᠠᠭᠠᠨ ᠤ᠋ ᠠᠮᠤᠷ ᠲᠦᠪᠰᠢᠨ ᠪᠠ ᠲᠠᠷᠢᠶᠠᠴᠢᠳ ᠤ᠋ᠨ ᠤᠷᠤᠯᠭ᠎ᠠ ᠲᠠᠢ ᠨᠢᠭᠳᠠ ᠬᠤᠯᠪᠤᠭᠳᠠᠵᠤ᠂ ᠤᠳᠤ ᠦᠶ᠎ᠠ ᠵᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠭᠵᠢᠯᠳᠠ ᠵᠢ ᠠᠬᠢᠭᠤᠯᠬᠤ ᠴᠢᠬᠤᠯᠠ ᠠᠷᠭ᠎ᠠ ᠵᠠᠮ ᠪᠤᠯᠵᠠᠢ᠃ ᠡᠨᠠ ᠵᠢᠯ ᠤᠯᠠᠭᠠᠨᠬᠤᠳᠠ ᠨᠡᠢᠳᠠ 5 ᠲᠦᠮᠡᠨ ᠮᠣ᠌ ᠵᠢᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠤᠭᠡᠨ ᠪᠠᠢᠭᠤᠯᠤᠯᠳᠠ ᠵᠢᠨ ᠲᠦᠷᠤᠯ ᠵᠦᠢᠯ᠎ᠢ ᠲᠠᠭᠠᠭᠠᠴᠢᠯᠠᠨ ᠪᠦᠲᠦᠭᠡᠨ ᠪᠠᠢᠭᠤᠯᠵᠤ᠂ ᠲᠠᠷᠢᠶᠠᠯᠠᠩ ᠤ᠋ᠨ ᠬᠦᠭᠵᠢᠯᠳᠠ ᠵᠢᠨ ᠰᠠᠭᠤᠷᠢ ᠵᠢ ᠪᠠᠳᠤᠳᠬᠠᠵᠤ ᠪᠤᠢ᠃

ᠤᠢᠷ᠎ᠠ ᠵᠢᠨ ᠡᠳᠦᠷ᠎ᠤᠳ ᠲᠦ᠍ ᠤᠯᠠᠭᠠᠨᠬᠤᠳᠠ ᠵᠢᠨ ᠰᠡᠷᠭᠡᠨ ᠤᠳᠤ ᠦᠶ᠎ᠠ ᠵᠢᠨ ᠲᠠᠷᠢᠶᠠᠯᠠᠩ ᠤ᠋ᠨ ᠤᠷᠤᠨ ᠲᠤᠭᠤᠷᠢᠭ ᠤ᠋ᠨ ᠰᠢᠨᠮᠢᠨ ᠲᠤᠰᠬᠤᠨ ᠤ᠋ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠤᠭᠡᠨ ᠪᠠᠢᠭᠤᠯᠤᠯᠳᠠ ᠵᠢᠨ ᠲᠦᠷᠤᠯ ᠵᠦᠢᠯ ᠢ᠋ ᠬᠡᠷᠡᠭᠵᠢᠬᠥᠯᠬᠥ ᠲᠤᠬᠠᠢ ᠵᠢᠨ ᠲᠠᠯᠠᠪᠠᠢ ᠳ᠋ᠤ ᠬᠤᠳᠳᠤᠭ ᠮᠠᠯᠲᠠᠬᠤ ᠮᠠᠰᠢᠨ ᠬᠦᠷᠴᠢᠬᠢᠨᠡᠨ᠂ ᠠᠵᠢᠯᠳᠠᠳ ᠬᠠᠬᠢᠷ ᠬᠦᠢᠳᠡᠨ ᠪᠠ ᠰᠢᠪᠠᠷ ᠰᠢᠷᠤᠢ ᠵᠢ ᠬᠠᠢᠬᠤᠷᠤᠯ ᠦᠭᠡᠢ ᠴᠠᠭ ᠢ᠋ ᠠᠮᠵᠢᠨ ᠠᠵᠢᠯᠯᠠᠵᠤ᠂ ᠲᠦᠷᠤᠯ ᠵᠦᠢᠯ ᠤ᠋ᠨ ᠪᠦᠳᠤᠭᠡᠨ ᠪᠠᠢᠭᠤᠯᠤᠯᠳᠠ ᠵᠢ ᠲᠦᠷᠭᠡᠳᠭᠡᠨ ᠠᠬᠢᠭᠤᠯᠵᠤ ᠪᠤᠢ᠃

《ᠡᠨᠡ ᠵᠢᠯ ᠤᠯᠠᠭᠠᠨᠬᠤᠳᠠ ᠨᠡᠢᠳᠠ 5 ᠲᠦᠮᠡᠨ ᠮᠣ᠌ ᠵᠢᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠤᠭᠡᠨ ᠪᠠᠢᠭᠤᠯᠤᠯᠳᠠ ᠵᠢᠨ ᠲᠦᠷᠤᠯ ᠵᠦᠢᠯ᠎ᠢ ᠲᠠᠭᠠᠭᠠᠴᠢᠯᠠᠨ ᠪᠦᠲᠦᠭᠡᠨ ᠪᠠᠢᠭᠤᠯᠵᠤ ᠪᠠᠢᠨ᠎ᠠ᠂ ᠡᠬᠥᠨ ᠳ᠋ᠤ 1 ᠲᠦᠮᠡᠨ ᠮᠣ᠌ ᠵᠢ ᠰᠢᠨ᠎ᠡ ᠪᠡᠷ ᠪᠦᠲᠦᠭᠡᠨ ᠪᠠᠢᠭᠤᠯᠵᠤ᠂ 4 ᠲᠦᠮᠡᠨ ᠮᠣ᠌ ᠵᠢ ᠲᠡᠰ ᠲᠡᠪᠰᠢᠬᠥᠯᠤᠨ ᠦᠭᠡᠷᠡᠴᠢᠯᠡᠨ᠎ᠡ᠃ ᠲᠤᠰ ᠲᠦᠷᠦᠯ ᠵᠦᠢᠯ 11 ᠰᠠᠷ᠎ᠠ ᠵᠢᠨ 4 ᠤ᠋ ᠡᠳᠤᠷ ᠠᠵᠢᠯ ᠵᠢᠡᠨ ᠪᠦᠬᠥ ᠲᠠᠯ᠎ᠠ ᠪᠠᠷ ᠡᠬᠢᠯᠡᠬᠥᠯᠵᠤ᠂ ᠨᠡᠢᠳᠠ 1.47 ᠳ᠋ᠦᠩᠰᠢᠭᠤᠷ ᠲᠦᠬᠥᠷᠢᠭ ᠤ᠋ᠨ ᠪᠡᠯᠡ ᠮᠦᠩᠬᠥ ᠤᠷᠤᠭᠤᠯᠵᠠᠢ᠂ ᠤᠳᠤᠬᠠᠨ ᠳ᠋ᠤ ᠬᠤᠳᠳᠤᠭ ᠮᠠᠯᠲᠠᠬᠤ ᠠᠵᠢᠯ ᠢ᠋ ᠬᠢᠵᠤ᠂ 346 ᠴᠠᠬᠢᠯᠭᠠᠨ ᠬᠤᠳᠳᠤᠭ ᠢ᠋ ᠰᠢᠨᠡᠳᠭᠡᠬᠥ ᠪᠠᠷ ᠲᠦᠯᠤᠪᠯᠡᠨ᠂ ᠨᠢᠬᠡᠨᠳᠡ 210 ᠬᠤᠳᠳᠤᠭ ᠤ᠋ᠨ ᠪᠠᠷᠢᠯᠭ᠎ᠠ ᠵᠢᠨ ᠠᠵᠢᠯ ᠢ᠋ ᠲᠠᠭᠤᠰᠬᠠᠵᠠᠢ 》 ᠭᠡᠵᠤ ᠤᠯᠠᠭᠠᠨᠬᠤᠳᠠ ᠵᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠥ ᠤᠬᠠᠭᠠᠨ ᠲᠸᠭᠨᠢᠭ ᠮᠡᠷᠭᠡᠵᠢᠯ ᠤ᠋ᠨ ᠲᠤᠪᠴᠢᠶ᠎ᠠ ᠵᠢᠨ ᠲᠠᠷᠢᠶᠠᠨ ᠭᠠᠵᠠᠷ ᠤ᠋ᠨ ᠪᠦᠳᠤᠭᠡᠨ ᠪᠠᠢᠭᠤᠯᠤᠯᠳᠠ ᠵᠢᠨ ᠬᠠᠮᠢᠶᠠᠷᠤᠯᠳᠠ ᠵᠢᠨ ᠲᠠᠰᠤᠭ ᠤ᠋ᠨ ᠲᠠᠷᠤᠭ᠎ᠠ ᠹᠸᠩ ᠴᠢᠣᠸᠠᠨ ᠵᠢᠢ  ᠲᠠᠨᠢᠯᠴᠠᠭᠤᠯᠪᠠ᠃

ᠲᠤᠰ ᠤᠳᠠᠭᠠᠨ ᠤ᠋ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠤᠭᠡᠨ ᠪᠠᠢᠭᠤᠯᠤᠯᠳᠠ ᠵᠢᠨ ᠲᠦᠷᠤᠯ ᠵᠦᠢᠯ ᠰᠡᠷᠭᠡᠨ ᠤᠳᠤ ᠦᠶ᠎ᠠ ᠵᠢᠨ ᠲᠠᠷᠢᠶᠠᠯᠠᠩ ᠤ᠋ᠨ ᠤᠷᠤᠨ ᠲᠤᠭᠤᠷᠢᠭ᠂ ᠭᠡᠭᠡᠨᠰᠦ᠋ᠮ᠎ᠠ ᠪᠠᠯᠭᠠᠰᠤ᠂ ᠢᠯᠠᠯᠳᠠ ᠪᠠᠯᠭᠠᠰᠤ᠂ ᠤᠯᠠᠭᠠᠨᠬᠠᠳᠠ ᠪᠠᠯᠭᠠᠰᠤᠨ ᠤ᠋ 11 ᠭᠠᠴᠠᠭ᠎ᠠ ᠲᠤᠰᠬᠤᠨ ᠢ᠋ ᠬᠠᠮᠤᠷᠴᠤ ᠪᠤᠢ᠃ ᠲᠦᠷᠤᠯ ᠵᠦᠢᠯ ᠢ᠋ ᠵᠤᠬᠢᠶᠠᠨ ᠪᠠᠢᠭᠤᠯᠬᠤ ᠶᠠᠪᠤᠴᠠ ᠳ᠋ᠤ ᠡᠯ᠎ᠠ ᠤᠷᠤᠯᠴᠠᠭᠰᠠᠨ ᠪᠠᠢᠭᠤᠯᠭ᠎ᠠ ᠨᠢᠭᠡᠴᠢ ᠲᠡᠰ ᠲᠡᠰ ᠵᠢᠡᠷ ᠡᠬᠥᠷᠭᠡ ᠬᠠᠷᠢᠭᠤᠴᠠᠯᠭ᠎ᠠ ᠪᠠᠨ ᠪᠤᠳᠠᠳᠠᠢᠵᠢᠭᠤᠯᠤᠨ᠂ ᠠᠶᠤᠯᠬᠦᠢ ᠦᠢᠯᠡᠳᠪᠤᠷᠢᠯᠡᠯ ᠢ᠋ ᠴᠢᠬᠤᠯᠠᠴᠢᠯᠠᠬᠤ ᠵᠢᠨ ᠬᠠᠮᠳᠤ  ᠲᠦᠷᠤᠯ ᠵᠦᠢᠯ ᠢ᠋ ᠠᠵᠢᠯ ᠤᠯᠭᠤᠬᠤ ᠪᠠᠷ ᠲᠡᠳᠬᠥᠮᠵᠢ ᠵᠢ ᠤᠷᠤᠯᠠᠭᠤᠯᠬᠤ ᠲᠦᠷᠥ ᠵᠢᠨ ᠪᠤᠳᠤᠯᠭ᠎ᠡ ᠯᠤᠭ᠎ᠠ ᠤᠶᠠᠯᠳᠤᠭᠤᠯᠵᠤ᠂ ᠲᠤᠬᠠᠢ ᠵᠢᠨ ᠭᠠᠵᠠᠷ ᠤ᠋ᠨ ᠤᠯᠠᠨ ᠲᠦᠮᠡᠨ ᠤ᠋ ᠠᠵᠢᠯ ᠤᠯᠵᠤ ᠤᠷᠤᠯᠭ᠎ᠠ ᠪᠠᠨ ᠨᠡᠮᠡᠭᠳᠡᠬᠥᠯᠬᠥ ᠳ᠋ᠤ ᠰᠢᠨ᠎ᠠ ᠵᠠᠮ ᠬᠠᠩᠭᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号