ᠣᠢᠷ᠎ᠠ᠎ᠳᠤ᠂ ᠬᠢᠩᠭᠠᠨ ᠠᠢᠮᠠᠭ ᠤᠨ ᠵᠠᠯᠠᠢᠳ ᠬᠤᠱᠢᠭᠤᠨ᠎ᠤ ᠬᠤᠯᠪᠤᠭ᠎ᠠ ᠪᠠᠯᠭᠠᠰᠤᠨ᠎ᠤ ᠲᠦᠬᠦᠭᠡᠷᠦᠮᠵᠢᠲᠦ ᠲᠠᠷᠢᠶᠠᠯᠠᠩ᠎ᠤᠨ ᠲᠠᠷᠢᠮᠠᠯ᠎ᠤᠨ ᠰᠠᠭᠤᠷᠢᠨ ᠭᠠᠵᠠᠷ᠎ᠤᠨ ᠤᠯᠠᠷᠢᠯ ᠵᠦᠷᠢᠭᠦᠯᠤᠨ ᠲᠠᠷᠢᠭᠰᠡᠨ ᠬᠡᠷᠬᠡᠨᠡᠭ ᠮᠥᠭᠦ᠎ᠨᠢ ᠡᠯᠪᠡᠭ ᠬᠤᠷᠢᠶᠠᠯᠲᠠ ᠣᠯᠵᠠᠢ᠃ ᠡᠨᠡ ᠨᠢ ᠬᠤᠯᠪᠤᠭ᠎ᠠ ᠪᠠᠯᠭᠠᠰᠤᠨ ᠤ ᠭᠠᠵᠠᠷ ᠰᠢᠷᠤᠢ ᠵᠢᠨ ᠡᠬᠢ ᠪᠠᠶᠠᠯᠢᠭ ᠢ ᠠᠰᠢᠬᠯᠠᠨ ᠲᠠᠷᠢᠶᠠᠴᠢᠳ ᠵᠢᠨᠷ ᠤᠯᠠᠷᠢᠯ ᠵᠦᠷᠢᠭᠦᠯᠤᠨ ᠭᠡᠷᠭᠡᠨᠡᠭ ᠮᠦᠭᠦ ᠲᠠᠷᠢᠭᠤᠯᠵᠤ ᠤᠷᠤᠯᠭ᠎ᠠ ᠵᠢ ᠨᠢ ᠨᠡᠮᠡᠭᠳᠡᠭᠦᠯᠭᠦ ᠲᠥᠷᠥ᠎ᠶ᠋ᠢᠨ ᠪᠣᠳᠣᠯᠭ᠎ᠠ ᠳᠤ ᠲᠦᠰᠢᠭᠯᠡᠵᠤ᠂ ᠤᠨᠴᠠᠯᠢᠬ᠍ᠳᠤ ᠠᠵᠤ ᠦᠶ᠋ᠯᠡᠰ ᠢ ᠭᠦᠭᠵᠢᠭᠦᠯᠤᠨ ᠲᠣᠰᠭᠤᠨ᠎ᠤ ᠠᠷᠠᠳ ᠤᠨ ᠣᠷᠣᠯᠭ᠎ᠠ᠎ᠶ᠋ᠢ ᠬᠠᠮᠵᠢᠯᠴᠠᠨ ᠨᠡᠮᠡᠭ᠌ᠳᠡᠭᠦᠯᠬᠦ᠌᠎ᠶ᠋ᠢ ᠳᠠᠢᠴᠢᠯᠠᠭᠰᠠᠨ ᠪᠠᠢᠨ᠎ᠠ᠃
ᠬᠤᠯᠪᠣᠭ᠎ᠠ ᠪᠠᠯᠭᠠᠰᠤᠨ᠎ᠤ ᠶᠦᠩ ᠱᠢᠩ ᠲᠣᠰᠭᠤᠨ᠎ᠤ ᠲᠥᠬᠦᠭᠡᠷᠦᠮᠵᠢᠲᠦ ᠲᠠᠷᠢᠶᠠᠯᠠᠩ᠎ᠤᠨ ᠳᠤᠯᠠᠭᠠᠨ ᠬᠦᠯᠡᠮᠵᠢ᠎ᠳᠤ ᠳᠤᠯᠠᠭᠠᠨ ᠠᠭᠤᠷ ᠠᠮᠢᠰᠭᠤᠯ᠎ᠢᠶᠠᠷ ᠪᠢᠯᠬᠠᠵᠤ᠂ ᠲᠣᠰᠭᠤᠨ᠎ᠤ ᠠᠷᠠᠳ ᠶᠠᠭᠠᠷᠠᠯᠳᠠᠢ ᠪᠦᠭᠡᠳ ᠪᠠᠶᠠᠷᠳᠠᠢ ᠪᠠᠷ ᠭᠡᠷᠭᠡᠨᠡᠭ ᠮᠥᠭᠦ ᠲᠡᠭᠦᠵᠦ ᠰᠠᠭ᠍ᠰᠤᠨ᠎ᠳᠤ ᠪᠠᠨ ᠳᠦᠭᠦᠷᠭᠡᠨ᠎ᠡ᠃ 《ᠡᠨᠡ ᠲᠤᠯᠠᠭᠠᠨ ᠭᠦᠯᠡᠮᠵᠢ ᠳᠤ ᠠᠵᠢᠯᠯᠠᠪᠠᠯ ᠨᠢᠭᠡ ᠡᠳᠤᠷ᠎ᠤᠨ ᠭᠦᠯᠤᠰᠤᠨ ᠮᠦᠩᠭᠦ 150 ᠲᠥᠭᠦᠷᠢᠭ ᠭᠦᠷᠴᠤ᠂ ᠪᠢ ᠨᠢᠭᠡ ᠵᠢᠯ᠎ᠳᠤ ᠪᠠᠨ ᠡᠨᠳᠡ 1 ᠲᠦᠮᠡᠨ ᠲᠥᠭᠦᠷᠢᠭ ᠤᠨ ᠤᠷᠤᠯᠭ᠎ᠠ ᠣᠯᠵᠤ ᠲᠡᠢᠯᠤᠨ᠎ᠠ᠃ ᠡᠨᠳᠡ ᠠᠵᠢᠯᠯᠠᠭᠠᠳ ᠪᠢ ᠣᠷᠣᠯᠭ᠎ᠠ ᠪᠠᠨ ᠨᠡᠮᠡᠭ᠌ᠳᠡᠭᠦᠯᠭᠦ ᠪᠡᠷ ᠪᠠᠷᠠᠬᠤ ᠦᠭᠡᠢ ᠭᠡᠷ᠎ᠤᠨ ᠠᠵᠢᠯ ᠵᠢᠨᠨ ᠪᠠᠰᠠ ᠰᠠᠭᠠᠳᠠᠭᠠᠬᠤ ᠦᠭᠡᠢ》 ᠭᠡᠵᠦ᠍ ᠶᠦᠩ ᠱᠢᠩ ᠲᠣᠰᠭᠤᠨ᠎ᠤ ᠠᠷᠠᠳ ᠬᠠᠢ ᠪᠥᠸᠧ ᠬᠡᠯᠡᠪᠡ᠃ ᠤᠢᠯᠠᠭᠠᠭᠰᠠᠨ ᠵᠢᠡᠷ᠂ ᠬᠤᠯᠪᠣᠭ᠎ᠠ ᠪᠠᠯᠭᠠᠰᠤ ᠡᠨᠡ ᠵᠢᠯ᠎ᠤᠨ 9 ᠰᠠᠷᠠᠡᠴᠨ ᠶᠦᠩ ᠱᠢᠩ ᠲᠣᠰᠭᠤᠨ ᠵᠡᠷᠭᠡ ᠭᠤᠷᠪᠠᠨ ᠲᠤᠰᠬᠤᠨ ᠳᠤ ᠶᠠᠷᠤᠩᠭᠡᠢ ᠡᠵᠡᠯᠡᠭᠦ ᠲᠠᠯᠠᠪᠠᠢ ᠨᠢ 49 ᠮᠤ᠌ ᠬᠦᠷᠬᠦ 35 ᠲᠤᠯᠠᠭᠠᠨ ᠬᠦᠯᠠᠮᠵᠢ ᠲᠠᠢ ᠲᠥᠬᠦᠭᠡᠷᠦᠮᠵᠢᠲᠦ ᠲᠠᠷᠢᠶᠠᠯᠠᠩ ᠤᠨ ᠰᠠᠭᠤᠷᠢᠨ ᠭᠠᠵᠠᠷ ᠢ ᠪᠠᠢᠭᠤᠯᠵᠤ᠂ ᠲᠠᠷᠢᠶᠠᠴᠢᠳ ᠵᠢᠡᠷ ᠤᠯᠠᠷᠢᠯ ᠵᠦᠷᠢᠭᠦᠯᠤᠨ ᠬᠡᠷᠬᠡᠨᠡᠭ ᠮᠥᠭᠦ ᠲᠠᠷᠢᠭᠤᠯᠵᠠᠢ᠃ ᠬᠤᠯᠪᠣᠭ᠎ᠠ ᠪᠠᠯᠭᠠᠰᠤ ᠬᠦᠯᠡᠮᠵᠢ᠎ᠶ᠋ᠢᠨ ᠳᠤᠯᠠᠭᠠᠨ᠎ᠢ ᠡᠵᠡᠮᠳᠡᠵᠤ ᠴᠢᠳᠠᠬᠤ ᠮᠡᠷᠭᠡᠵᠢᠯ᠎ᠤᠨ ᠳᠠᠪᠠᠭᠤᠯᠢᠭ᠎ᠲᠤ ᠲᠦᠱᠢᠭ᠌ᠯᠡᠨ᠂ ᠭᠡᠷᠭᠡᠨᠡᠭ ᠮᠦᠭᠦ ᠵᠢᠨ ᠡᠩ ᠤᠨ ᠥᠰᠥᠯᠲᠡ ᠶ᠋ᠢᠨ ᠦᠶᠡᠯᠡᠯ ᠤᠨ ᠬᠤᠭᠤᠴᠠᠭᠠᠨ᠎ᠤ ᠬᠢᠵᠠᠭᠠᠷᠯᠠᠯ ᠢ ᠠᠮᠵᠢᠯᠲᠠ᠎ᠲᠠᠢ ᠡᠪᠳᠡᠵᠦ᠍᠂ ᠡᠪᠦᠯ᠎ᠤᠨ ᠤᠯᠠᠷᠢᠯᠳᠤᠭᠡᠷᠭᠡᠨᠡᠭ ᠮᠦᠭᠦ᠎ᠶ᠋ᠢ ᠵᠠᠬ᠎ᠠ ᠳᠡᠯᠭᠡᠭᠦᠷ᠎ᠲᠤ ᠭᠠᠷᠭᠠᠵᠤ᠂ ᠪᠥᠬᠦ᠌ ᠶᠠᠪᠤᠴᠠ᠎ᠶ᠋ᠢᠨ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ᠎ᠪᠠᠷ ᠳᠠᠮᠵᠢᠭᠤᠯᠤᠨ ᠪᠡᠭᠡᠵᠢᠩ᠂ ᠱᠠᠩᠬᠠᠶ ᠵᠢᠨ ᠵᠠᠬ᠎ᠠ ᠳᠡᠯᠭᠡᠭᠦᠷ᠎ᠲᠤ ᠬᠠᠩᠭᠠᠪᠠ᠃
ᠲᠠᠷᠠᠭᠠᠴᠢ᠎ᠪᠡᠷ᠂ ᠬᠤᠯᠪᠤᠭ᠎ᠠ ᠪᠠᠯᠭᠠᠰᠤ ᠭᠡᠷᠭᠡᠨᠡᠭ ᠮᠦᠭᠦ᠎ᠶ᠋ᠢᠨ ᠠᠵᠤ ᠦᠢᠯᠡᠰ ᠬᠢᠭᠡᠳ ᠣᠷᠭᠠᠨᠢᠭ ᠤᠰᠤᠨ ᠲᠤᠲᠤᠷᠭ᠎ᠠ ᠳᠠᠷᠢᠬᠤ᠂ ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠶ᠋ᠢ ᠠᠬᠢᠭᠤᠯᠵᠤ᠂ ᠭᠠᠵᠠᠷ ᠱᠢᠷᠣᠶ᠎ᠶ᠋ᠢ ᠴᠡᠭ᠌ᠴᠡᠯᠡᠨ ᠵᠠᠰᠠᠵᠤ᠂ ᠠᠮᠢ ᠠᠬᠤᠶ᠎ᠶ᠋ᠢᠨ ᠦᠷ᠎ᠡ ᠠᠱᠢᠭ᠂ ᠠᠵᠤ ᠠᠬᠤᠶ᠎ᠶ᠋ᠢᠨ ᠦᠷ᠎ᠡ ᠠᠱᠢᠭ᠂ ᠨᠡᠢᠭᠡᠮ᠎ᠤᠨ ᠦᠷ᠎ᠡ ᠠᠱᠢᠭ᠎ᠢ ᠵᠠᠷᠬᠡ᠎ᠪᠠᠷ ᠭᠠᠷᠭᠠᠵᠤ ᠲᠠᠢᠯᠬᠦ ᠠᠷᠭ᠎ᠠ ᠬᠡᠯᠪᠠᠷᠢ ᠪᠠᠷ ᠲᠠᠷᠢᠶᠠᠴᠢᠳ᠎ᠤᠨ ᠤᠷᠤᠯᠭ᠎ᠠ ᠵᠢ ᠨᠡᠮᠡᠭᠳᠡᠭᠦᠯᠭᠦ ᠪᠤᠯᠤᠨ᠎ᠠ᠃