ᠤᠡᠭ᠌ᠨᠢᠭᠤᠳ ᠬᠤᠱᠢᠭᠤ ᠭᠤᠷᠪᠡ᠎ᠶ᠋ᠢ ᠨᠢᠭᠡ ᠴᠤᠭ᠍ᠴᠠᠵᠢᠭᠤᠯᠬᠤ ᠶᠡᠷᠥᠩᠭᠡᠢᠯᠡᠭ᠌ᠰᠡᠨ ᠥᠭᠡᠷᠡᠴᠢᠯᠡᠯᠳᠠ ᠪᠡᠷ ᠲᠠᠷᠢᠶᠠᠯᠠᠩ ᠦᠢᠯᠡᠳᠪᠦᠷᠢᠯᠡᠯ᠎ᠳᠤ ᠢᠲᠡᠪᠬᠢᠲᠡᠢ ᠤᠢᠯᠡᠴᠢᠯᠡᠵᠦ ᠪᠤᠢ
2025-12-03 15:26:58
ᠵᠣᠬᠢᠶᠠᠭ᠍ᠴᠢ᠄
ᠰᠣᠶᠣᠯ
ᠣᠩᠱᠢᠭ᠍ᠰᠠᠨ ᠣᠳᠠᠭ᠎ᠠ᠄
★★★☆☆

ᠤᠡᠭ᠌ᠨᠢᠭᠤᠳ ᠬᠤᠱᠢᠭᠤᠨ᠎ᠤ ᠬᠠᠨᠭ᠌ᠭᠠᠨ ᠪᠤᠷᠤᠯᠠᠭᠤᠯᠬᠤ ᠬᠤᠷᠱᠢᠶ᠎ᠠ᠎ᠶ᠋ᠢᠨ ᠬᠤᠯᠪᠤᠭᠠᠳᠤ ᠬᠤᠷᠱᠢᠶ᠎ᠠ᠎ᠨᠢ 《ᠤᠢᠯᠡᠳᠪᠤᠷᠢᠯᠡᠬᠦ᠂ ᠬᠠᠨᠭ᠌ᠭᠠᠨ ᠪᠤᠷᠤᠯᠠᠭᠤᠯᠬᠤ᠂ ᠢᠳᠡᠭᠡᠮᠵᠢ》 ᠭᠤᠷᠪᠠ᠎ᠶ᠋ᠢ ᠨᠢᠭᠡ ᠴᠤᠭ᠍ᠴᠠᠵᠢᠭᠤᠯᠬᠤ ᠶᠡᠷᠥᠩᠭᠡᠢᠯᠡᠭ᠌ᠰᠡᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ᠎ᠶ᠋ᠢᠨ ᠠᠵᠢᠯ᠎ᠢ ᠪᠥᠬᠦ᠌ ᠲᠠᠯ᠎ᠠ᠎ᠪᠠᠷ ᠲᠥᠯᠬᠢᠨ ᠠᠬᠢᠭᠣᠯᠵᠦ ᠲᠠᠷᠢᠶᠠᠯᠠᠩ ᠦᠢᠯᠡᠳᠪᠦᠷᠢᠯᠡᠯ ᠳ᠋ᠦ ᠦᠢᠯᠡᠴᠢᠯᠡᠵᠦ ᠪᠣᠢ᠃

ᠭᠤᠷᠪᠠ᠎ᠶ᠋ᠢ ᠨᠢᠭᠡ ᠴᠤᠭ᠍ᠴᠠᠵᠢᠭᠤᠯᠬᠤ ᠶᠡᠷᠥᠩᠭᠡᠢᠯᠡᠭ᠌ᠰᠡᠨ ᠬᠠᠮᠳᠤᠷᠠᠯᠴᠠᠭᠠᠨ ᠎ᠤ ᠵᠤᠬᠢᠶᠠᠨ ᠪᠠᠢᠭᠤᠯᠤᠯᠳᠠ᠎ᠶ᠋ᠢᠨ ᠠᠵᠢᠯ᠎ᠢ ᠤᠷᠤᠭ᠍ᠰᠢᠳᠠᠢ ᠶᠠᠪᠤᠭ᠍ᠳᠠᠭᠣᠯᠬᠤ᠎ᠶ᠋ᠢᠨ ᠲᠥᠯᠥᠭᠡ᠂ ᠤᠡᠭ᠌ᠨᠢᠭᠤᠳ ᠬᠤᠱᠢᠭᠤᠨ᠎ᠤ ᠬᠠᠨᠭ᠌ᠭᠠᠨ ᠪᠤᠷᠤᠯᠠᠭᠤᠯᠬᠤ ᠬᠤᠷᠱᠢᠶ᠎ᠠ᠎ᠨᠢ ᠬᠤᠱᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠎ᠠᠴᠠ ᠭᠤᠷᠪᠠ᠎ᠶ᠋ᠢ ᠨᠢᠭᠡ ᠴᠤᠭ᠍ᠴᠠᠵᠢᠭᠤᠯᠬᠤ ᠶᠡᠷᠥᠩᠭᠡᠢᠯᠡᠭ᠌ᠰᠡᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ᠎ᠶ᠋ᠢᠨ ᠲᠤᠰᠭᠠᠢ ᠲᠦᠷᠦᠯ᠎ᠤᠨ ᠪᠡᠯᠡ ᠮᠦᠩᠬᠦ 100 ᠲᠥᠮᠡᠨ ᠲᠥᠬᠦᠷᠢᠭ ᠭᠤᠶᠤᠴᠢᠯᠠᠵᠤ᠂ 10 ᠰᠤᠮᠤ ᠪᠠᠯᠭᠠᠰᠤᠨ᠎ᠤ ᠭᠤᠷᠪᠠ᠎ᠶ᠋ᠢ ᠨᠢᠭᠡ ᠴᠤᠭ᠍ᠴᠠᠵᠢᠭᠤᠯᠬᠤ ᠶᠡᠷᠥᠩᠭᠡᠢᠯᠡᠭ᠌ᠰᠡᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ᠎ᠶ᠋ᠢᠨ ᠠᠵᠢᠯ᠎ᠢ ᠡᠷᠬᠢᠯᠡᠨ ᠬᠢᠵᠤ ᠪᠠᠢᠭ᠎ᠠ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠳᠤ ᠪᠠᠭᠤᠯᠭᠠᠨ ᠥᠭ᠌ᠴᠠᠢ᠃ ᠡᠬᠦᠨ᠎ᠤ ᠬᠠᠮᠲᠣ ᠲᠤᠰᠭᠠᠢ ᠵᠢᠯᠤᠭᠤᠳᠭᠤ ᠠᠩᠬᠢ ᠵᠤᠬᠢᠶᠠᠨ ᠪᠠᠢᠭᠤᠯᠵᠤ᠂ ᠲᠤᠭ᠍ᠳᠠᠭ᠍ᠰᠠᠨ ᠬᠤᠭᠤᠴᠠᠭ᠎ᠠ᠎ᠲᠠᠢ᠎ᠪᠠᠷ ᠡᠯ᠎ᠡ ᠰᠤᠮᠤ ᠪᠠᠯᠭᠠᠰᠣᠨ᠎ᠳᠤ ᠬᠥᠷᠴᠤ᠌᠂ ᠲᠤᠬᠠᠢᠯᠠᠭ᠍ᠰᠠᠨ ᠠᠵᠢᠯ᠎ᠤᠨ ᠵᠢᠯᠤᠭᠤᠳᠤᠯᠭ᠎ᠠ ᠬᠠᠨᠭ᠌ᠭᠠᠵᠤ᠂ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠶ᠋ᠢᠨ ᠪᠥᠬᠦᠢᠯᠡ ᠠᠵᠢᠯ᠎ᠤᠨ ᠤᠷᠤᠭ᠍ᠰᠢᠳᠠᠢ ᠶᠠᠪᠤᠭ᠍ᠳᠠᠬᠤ᠎ᠶᠢ ᠪᠠᠲᠣᠯᠠᠪᠠ᠃ ᠡᠬᠦᠨ᠎ᠤ ᠰᠠᠭᠣᠷᠢᠨ ᠲᠡᠭᠡᠷ᠎ᠡ ᠭᠤᠷᠪᠠ᠎ᠶ᠋ᠢ ᠨᠢᠭᠡ ᠴᠤᠭ᠍ᠴᠠᠵᠢᠭᠤᠯᠬᠤ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠶ᠋ᠢᠨ ᠲᠠᠷᠢᠶᠠᠯᠠᠩ᠎ᠳᠤ ᠤᠢᠯᠡᠴᠢᠯᠡᠬᠦ᠌ ᠬᠢᠷᠢ ᠲᠥᠪᠱᠢᠨ᠎ᠢ ᠲᠡᠭᠡᠭ᠌ᠰᠢᠯᠡᠬᠦᠯᠬᠦ᠌᠎ᠶᠢᠨ ᠲᠦᠯᠦᠭᠡ᠂ ᠣᠯᠠᠭᠠᠨᠬᠠᠲᠠ ᠬᠤᠳᠠ᠎ᠶ᠋ᠢᠨ ᠭᠤᠷᠪᠠ᠎ᠶ᠋ᠢ ᠨᠢᠭᠡ ᠴᠤᠭ᠍ᠴᠠᠵᠢᠭᠤᠯᠬᠤ ᠵᠢᠯᠤᠭᠤᠳᠭᠤ ᠲᠥᠪ᠎ᠤᠨ ᠡᠷᠬᠢᠯᠡᠭ᠌ᠴᠢ᠎ᠶ᠋ᠢ ᠤᠷᠢᠵᠦ᠂ ᠪᠥᠬᠦ᠌ ᠬᠤᠱᠢᠭᠤᠨ᠎ᠤ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠶ᠋ᠢᠨ ᠬᠠᠮᠢᠶ᠎ᠠ ᠪᠥᠬᠦᠢ ᠤᠳᠤᠷᠢᠳᠤᠯᠭ᠎ᠠ᠂ ᠠᠵᠢᠯᠳᠠᠨ ᠪᠣᠯᠣᠨ ᠬᠠᠤᠯᠢ᠎ᠶ᠋ᠢᠨ ᠡᠷᠬᠡᠳᠡᠨ᠎ᠳᠤ ᠵᠢᠭᠠᠨ ᠵᠢᠯᠤᠭᠤᠳᠤᠯᠭ᠎ᠠ ᠬᠠᠨᠭ᠌ᠭᠠᠭ᠍ᠰᠠᠨ ᠪᠠᠢᠨ᠎ᠠ᠃ ᠵᠢᠭᠠᠨ ᠵᠢᠯᠤᠭᠤᠳᠤᠯᠭ᠎ᠠ᠎ᠨᠢ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠶ᠋ᠢᠨ ᠪᠥᠳᠥᠭᠡᠨ ᠪᠠᠢᠭᠤᠯᠤᠯᠳᠠ᠂ ᠨᠡᠢᠭᠡᠮᠴᠢᠯᠡᠭ᠌ᠰᠡᠨ ᠤᠢᠯᠡᠴᠢᠯᠡᠭᠡ ᠵᠢᠴᠢ ᠲᠥᠪᠯᠡᠷᠡᠬᠦᠯᠥᠨ ᠬᠤᠳᠠᠯᠳᠤᠨ ᠠᠪᠬᠤ ᠠᠵᠢᠯ᠎ᠢᠶᠠᠷ ᠭᠤᠤᠯᠳᠠᠯᠭ᠎ᠠ ᠪᠤᠯᠭᠠᠵᠤ᠂ ᠲᠠᠷᠢᠶᠠᠯᠠᠩ᠎ᠳᠤ ᠤᠢᠯᠡᠴᠢᠯᠡᠬᠦ᠌ ᠡᠯ᠎ᠡ ᠬᠢᠵᠠᠭᠠᠷᠳᠤ ᠺᠤᠮᠫᠠᠨᠢ᠎ᠶ᠋ᠢᠨ ᠡᠵᠡᠩᠨᠡᠯᠲᠠ᠎ᠶᠢᠨ ᠴᠢᠳᠠᠪᠤᠷᠢ ᠪᠣᠯᠣᠨ ᠲᠠᠷᠢᠶᠠᠯᠠᠩ᠎ᠳᠤ ᠤᠢᠯᠡᠴᠢᠯᠡᠬᠦ᠌ ᠬᠢᠷᠢ ᠲᠥᠪᠱᠢᠨ ᠎ᠢ ᠲᠡᠭᠡᠭ᠌ᠰᠢᠯᠡᠬᠦᠯᠬᠦ᠌᠎ᠳᠤ ᠤᠨᠤᠯ᠎ᠤᠨ ᠰᠠᠭᠤᠷᠢ ᠲᠠᠯᠪᠢᠨ ᠥᠭ᠌ᠴᠠᠢ᠃

ᠥᠨᠥ᠍ ᠵᠢᠯ ᠣᠩᠨᠢᠭᠣᠳ ᠬᠤᠱᠢᠭᠤᠨ᠎ᠤ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠶ᠋ᠢᠨ ᠤᠢᠯᠡᠴᠢᠯᠡᠭᠡ ᠬᠠᠨᠭ᠌ᠭᠠᠭ᠍ᠰᠠᠨ ᠶᠡᠷᠦᠩᠬᠡᠢ ᠲᠠᠯᠠᠪᠠᠢ 10 ᠲᠥᠮᠡᠨ ᠮᠤ᠌᠎ᠶ᠋ᠢ ᠲᠠᠪᠠᠵᠤ᠂ ᠲᠠᠷᠢᠶᠠᠯᠠᠩ᠎ᠤᠨ ᠪᠥᠳᠥᠭᠡᠭ᠌ᠳᠡᠬᠦᠨ ᠵᠢᠴᠢ ᠡᠳᠤᠷ ᠲᠤᠳᠤᠮ᠎ᠤᠨ ᠭᠡᠷᠡᠭ᠌ᠯᠡᠭᠡᠨ᠎ᠤ ᠪᠤᠳᠠᠰ᠎ᠢ ᠲᠥᠪᠯᠡᠷᠡᠬᠦᠯᠥᠨ ᠬᠤᠳᠠᠯᠳᠤᠨ ᠠᠪᠬᠤ ᠠᠵᠢᠯ᠎ᠢ ᠢᠳᠡᠪᠬᠢᠳᠠᠢ ᠥᠷᠨᠢᠬᠦᠯᠦᠭᠰᠡᠨ ᠪᠠᠢᠨ᠎ᠠ᠃ ᠡᠨᠡ᠎ᠨᠢ ᠦᠷᠭᠡᠨ ᠣᠯᠠᠨ ᠮᠠᠯᠴᠢᠨ ᠲᠥᠮᠡᠨ᠎ᠤ ᠵᠠᠷᠤᠳᠠᠯ ᠮᠥᠡᠭ᠌ᠬᠦ ᠪᠣᠯᠣᠨ ᠤᠢᠯᠡᠳᠪᠤᠷᠢᠯᠡᠯ᠎ᠤᠨ ᠬᠡᠷᠡᠭᠰᠡᠯ᠎ᠤᠨ ᠥᠪᠡᠷ᠎ᠤᠨ ᠥᠷᠳᠡᠭ᠎ᠢ ᠠᠷᠪᠢᠯᠠᠵᠤ᠂ ᠡᠷᠥᠭᠡ ᠪᠤᠯᠭᠠᠨ᠎ᠳᠤ ᠨᠡᠢᠭᠡᠮᠴᠢᠯᠡᠭ᠌ᠰᠡᠨ ᠤᠢᠯᠡᠴᠢᠯᠡᠭᠡ ᠬᠠᠨᠭ᠌ᠭᠠᠬᠤ᠎ᠪᠠᠷ ᠳᠠᠮᠵᠢᠨ᠂ ᠣᠯᠠᠮ ᠪᠠᠷᠢᠮᠵᠢᠶᠠᠵᠢᠭ᠍ᠰᠠᠨ ᠤᠢᠯᠡᠳᠪᠤᠷᠢᠯᠡᠯ᠎ᠢ ᠪᠠᠶᠡᠯᠡᠬᠦᠯᠵᠤ᠂ ᠨᠡᠩ ᠭᠡᠪᠴᠢᠶᠡᠵᠢᠭ᠌ᠰᠡᠨ ᠤᠢᠯᠡᠴᠢᠯᠡᠭᠡ᠎ᠶ᠋ᠢ ᠪᠥᠳᠥᠭᠡᠨ ᠪᠠᠢᠭᠤᠯᠵᠤ᠂ ᠠᠷᠠᠳ ᠤᠯᠠᠨ᠎ᠳᠤ ᠠᠱᠢᠭ ᠬᠥᠷᠳᠡᠭᠡᠭᠰᠡᠨ ᠪᠠᠢᠨ᠎ᠠ᠃ ᠲᠠᠷᠠᠭᠠᠴᠢ᠎ᠶᠢᠨ ᠠᠯᠬᠣᠮ ᠳ᠋ᠦ ᠤᠡᠭ᠌ᠨᠢᠭᠤᠳ ᠬᠤᠱᠢᠭᠤᠨ᠎ᠤ ᠬᠠᠨᠭ᠌ᠭᠠᠨ ᠪᠤᠷᠤᠯᠠᠭᠤᠯᠬᠤ ᠬᠤᠷᠱᠢᠶ᠎ᠠ᠎ᠶ᠋ᠢᠨ ᠬᠤᠯᠪᠤᠭᠠᠳᠤ ᠬᠤᠷᠱᠢᠶ᠎ᠠ᠎ᠨᠢ ᠭᠤᠷᠪᠠ᠎ᠶ᠋ᠢ ᠨᠢᠭᠡ ᠴᠤᠭ᠍ᠴᠠᠵᠢᠭᠤᠯᠬᠤ ᠶᠡᠷᠥᠩᠭᠡᠢᠯᠡᠭ᠌ᠰᠡᠨ ᠥᠭᠡᠷᠡᠴᠢᠯᠡᠯᠳᠠ ᠪᠡᠷ ᠭᠠᠷᠳᠠᠴᠡ ᠪᠤᠯᠭᠠᠵᠤ᠂ ᠵᠢᠯᠤᠭᠤᠳᠤᠯᠭ᠎ᠠ ᠬᠠᠨᠭ᠌ᠭᠠᠬᠤ ᠬᠥᠴᠥᠯᠡᠴᠠ᠎ᠪᠠᠨ ᠴᠢᠩᠭᠠᠷᠠᠭᠤᠯᠵᠤ᠂ ᠭᠤᠷᠪᠠ᠎ᠶ᠋ᠢ ᠨᠢᠭᠡ ᠴᠤᠭ᠍ᠴᠠᠵᠢᠭᠤᠯᠬᠤ ᠲᠠᠷᠢᠶᠠᠯᠠᠩ᠎ᠳᠤ ᠤᠢᠯᠡᠴᠢᠯᠡᠬᠦ᠌ ᠬᠢᠵᠠᠭᠠᠷᠳᠤ ᠺᠤᠮᠫᠠᠨᠢ᠎ᠶ᠋ᠢᠨ ᠨᠡᠢᠭᠡᠮᠴᠢᠯᠡᠭ᠌ᠰᠡᠨ ᠤᠢᠯᠡᠴᠢᠯᠡᠭᠡ᠎ᠶ᠋ᠢ ᠱᠢᠯᠢᠳᠡᠭ᠌ᠵᠢᠬᠦᠯᠵᠤ᠂ ᠲᠥᠪᠯᠡᠷᠡᠬᠦᠯᠥᠨ ᠬᠤᠳᠠᠯᠳᠤᠨ ᠠᠪᠬᠤ ᠠᠵᠢᠯ᠎ᠢ ᠪᠤᠳᠠᠳᠠᠢᠵᠢᠭᠤᠯᠤᠨ᠂ ᠥᠨᠳᠥᠰᠥᠨ ᠱᠠᠳᠤᠨ᠎ᠳᠤ ᠪᠥᠳᠥᠮᠵᠢᠳᠠᠢ ᠤᠢᠯᠡᠴᠢᠯᠡᠵᠤ᠂ ᠠᠷᠠᠳ ᠲᠥᠮᠡᠨ᠎ᠳᠤ ᠥᠨᠡᠨ᠎ᠬᠦ᠌ ᠠᠱᠢᠭ ᠬᠥᠷᠳᠡᠭᠡᠵᠤ᠂ ᠬᠥᠳᠡᠭᠡ ᠲᠤᠰᠭᠤᠨ᠎ᠢ ᠪᠦᠬᠦ ᠲᠠᠯ᠎ᠠ ᠪᠡᠷ ᠬᠥᠭ᠌ᠵᠢᠬᠦᠯᠥᠨ ᠮᠠᠨᠳᠤᠭᠤᠯᠬᠤ᠎ᠳᠤ ᠬᠥᠴᠥᠨ ᠴᠢᠳᠠᠯ᠎ᠢᠶᠠᠨ ᠨᠡᠮᠡᠷᠢᠯᠡᠬᠦ᠌᠎ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号