ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ᠎ᠶ᠋ᠢᠨ ᠦᠶ᠋ᠯᠡᠰ᠎ᠦᠨ ᠶᠡᠷᠦᠩᠬᠡᠶ ᠡᠪᠯᠡᠯ ᠪᠥᠬᠥ᠌ ᠠᠷᠠᠳ᠎ᠦᠨ ᠤᠩᠱᠢᠯᠭ᠎ᠠ ᠵᠢᠨ ᠰᠣᠶᠣᠯ᠎ᠢ ᠳᠡᠯᠭᠡᠷᠡᠭᠦᠯᠬᠦ᠌ ᠲᠤᠰᠭᠠᠶ ᠰᠠᠭᠤᠷᠢ ᠮᠥᠩᠭᠥ᠌ ᠵᠢ ᠡᠬᠢᠯᠡᠬᠦᠯᠪᠡ
2025-12-03 11:01:19
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ᠎ᠶ᠋ᠢᠨ ᠦᠶ᠋ᠯᠡᠰ᠎ᠦᠨ ᠶᠡᠷᠦᠩᠬᠡᠶ ᠡᠪᠯᠡᠯ᠎ᠦᠨ ᠪᠥᠬᠥ᠌ ᠠᠷᠠᠳ᠎ᠤᠨ ᠤᠩᠱᠢᠯᠭ᠎ᠠ᠎ᠶ᠋ᠢᠨ ᠰᠣᠶᠣᠯ᠎ᠢ ᠳᠡᠯᠭᠡᠷᠡᠭᠦᠯᠬᠦ᠌ ᠲᠤᠰᠭᠠᠶ ᠰᠠᠭᠤᠷᠢ ᠮᠥᠩᠭᠥ᠎ᠶ᠋ᠢ ᠡᠬᠢᠯᠡᠭᠦ ᠵᠢᠴᠢ ᠫᠠᠢᠰᠠ ᠰᠡᠬᠦᠬᠦ᠌ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠡᠯ᠎ᠡ ᠡᠲᠡᠭᠡᠳ᠎ᠦᠨ ᠬᠦᠨᠳᠤᠳᠤ ᠵᠤᠴᠢᠳ᠂ ᠬᠠᠯᠠᠭᠤᠨ ᠰᠡᠳᠬᠢᠯᠳᠦ ᠠᠵᠤ ᠠᠬᠤᠢᠯᠠᠯ᠎ᠤᠨ ᠲᠥᠯᠥᠭᠡᠯᠡᠭ᠌ᠴᠢ᠂ ᠨᠡᠢᠲᠡ᠎ᠶ᠋ᠢᠨ ᠠᠰᠠᠷᠠᠮᠵᠢ᠎ᠶ᠋ᠢᠨ ᠬᠦᠮᠤᠰ ᠢᠳᠡᠪᠬᠢᠳᠡᠢ ᠤᠷᠤᠯᠴᠠᠵᠤ᠂ ᠨᠤᠮ᠎ᠤᠨ ᠬᠡᠰᠢᠭᠳᠦ ᠥᠪᠥᠷ ᠮᠣᠩᠭᠣᠯ᠎ᠤᠨ ᠪᠠᠢᠭᠤᠯᠤᠯᠲᠠ᠎ᠳᠤ ᠴᠣ᠋ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃ ᠲᠣᠰ ᠤᠳᠠᠭᠠᠨ᠎ᠤ ᠲᠤᠰᠭᠠᠶ ᠰᠠᠭᠤᠷᠢ ᠮᠥᠩᠭᠥ᠎ᠶ᠋ᠢ ᠡᠬᠢᠯᠡᠭᠦᠯᠦᠭ᠌ᠰᠡᠨ ᠶᠠᠪᠤᠳᠠᠯ ᠪᠣᠯ ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠦᠶ᠋ᠯᠡᠰ ᠬᠢᠭᠡᠳ ᠰᠣᠶᠣᠯ᠎ᠤᠨ ᠦᠶ᠋ᠯᠡᠰ᠎ᠢ ᠬᠦᠨᠵᠡᠭᠡᠢ ᠠᠭᠤᠰᠤᠯᠴᠠᠭᠤᠯᠬᠤ ᠪᠦᠳᠦᠭᠡᠯᠴᠢ ᠦᠶ᠋ᠯᠡᠳᠦᠯᠭᠡ ᠪᠣᠯᠤᠨ᠎ᠠ᠃

ᠡᠬᠢᠯᠡᠯᠲᠡ᠎ᠶ᠋ᠢᠨ ᠶᠣᠰᠣᠯᠠᠯ᠎ᠤᠨ ᠠᠬᠤᠶ ᠲᠠᠯᠠᠪᠠᠶ ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ᠎ᠶ᠋ᠢᠨ ᠦᠶ᠋ᠯᠡᠰ᠎ᠦᠨ ᠶᠡᠷᠦᠩᠬᠡᠶ ᠡᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠢᠯᠡᠷᠭᠡᠢᠯᠡᠬᠦ ᠳ᠋ᠡᠭᠡᠨ᠂ ᠲᠤᠰ ᠰᠠᠭᠤᠷᠢ ᠮᠥᠩᠭᠥ᠎ᠨᠢ ᠣᠯᠠᠨ ᠡᠱᠢᠵᠢᠭ᠌ᠰᠡᠨ ᠤᠩᠱᠢᠯᠭ᠎ᠠ ᠎ᠶ᠋ᠢᠨ ᠦᠶ᠋ᠯᠡᠴᠢᠯᠡᠭᠡᠨ ᠎ᠦ ᠱᠢᠰᠲ᠋ᠧᠮ ᠎ᠢ ᠪᠠᠢᠭᠤᠯᠬᠤ᠎ᠪᠠᠷ ᠲᠠᠮᠵᠢᠨ ᠤᠩᠱᠢᠯᠭ᠎ᠠ᠎ᠶ᠋ᠢ ᠦᠨᠳᠦᠰᠦᠲᠡᠨ᠎ᠨᠦᠭᠦᠳ ᠎ᠦᠨ ᠣᠯᠠᠨ ᠲᠦᠮᠡᠨ᠎ᠦ ᠠᠮᠢᠳᠤᠷᠠᠯ᠎ᠤᠨ ᠠᠷᠭ᠎ᠠ ᠬᠡᠯᠪᠡᠷᠢ ᠪᠣᠯᠭᠠᠵᠤ᠂ ᠪᠥᠬᠥ᠌ ᠠᠷᠠᠳ᠎ᠤᠨ ᠬᠡᠪ ᠪᠣᠯᠪᠠᠰᠤᠷᠠᠯ ᠎ᠢ ᠳᠡᠭᠡᠭ᠌ᠰᠢᠯᠡᠭᠦᠯᠬᠦ᠌᠂ ᠰᠣᠶᠣᠯ᠎ᠤᠨ ᠬᠦᠴᠦᠷᠬᠡᠭ ᠣᠷᠣᠨ᠎ᠤ ᠪᠠᠢᠭᠤᠯᠤᠯᠳᠠ ᠵᠢ ᠠᠬᠢᠭᠤᠯᠬᠤ᠂ ᠨᠤᠮ᠎ᠤᠨ ᠬᠡᠰᠢᠭᠳᠦ ᠤᠮᠠᠷᠠᠲᠤ ᠬᠢᠯᠢ᠎ᠶ᠋ᠢ ᠪᠠᠢᠭᠤᠯᠬᠤ᠎ᠳᠤ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠢᠭᠦᠯᠡᠰᠦᠩᠭᠦᠶ᠎ᠶ᠋ᠢᠨ ᠬᠠᠢᠷ᠎ᠠ ᠬᠠᠯᠠᠮᠵᠢ ᠪᠠ ᠰᠣᠶᠣᠯ᠎ᠤᠨ ᠭᠤᠤ᠎ᠠ ᠰᠠᠢᠬᠠᠨ᠎ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠨᠠᠩ ᠬᠡᠷᠡᠯ ᠭᠢᠯᠪᠠᠭ᠎ᠠ ᠰᠠᠴᠤᠷᠠᠭᠤᠯᠬᠤ ᠪᠣᠯᠤᠨ᠎ᠠ ᠭᠡᠵᠡᠶ᠃

ᠣᠢᠯᠠᠭᠠᠭ᠍ᠰᠠᠨ᠎ᠢᠶᠠᠷ᠂ ᠲᠣᠰ ᠰᠠᠭᠤᠷᠢ ᠮᠥᠩᠭᠥ᠎ᠨᠢ 2025 ᠣᠨ᠎ᠤ 9 ᠰᠠᠷ᠎ᠠ᠎ᠳᠤ ᠪᠠᠢᠭᠤᠯᠤᠭ᠍ᠳᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠰᠣᠶᠣᠯ᠎ᠤᠨ ᠬᠥᠭ᠌ᠵᠢᠯ ᠮᠠᠨᠳᠤᠯ ᠬᠢᠭᠡᠳ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠪᠥᠬᠥ᠌ ᠠᠷᠠᠳ᠎ᠤᠨ ᠨᠤᠮ ᠤᠩᠱᠢᠯᠭ᠎ᠠ᠎ᠶ᠋ᠢ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ ᠳᠠᠢᠰᠢ ᠠᠬᠢᠭᠤᠯᠬᠤ ᠪᠡᠷ ᠵᠤᠷᠢᠯᠳᠠ ᠪᠤᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号