ᠨᠠᠢ᠍ᠮᠠᠨ ᠬᠤᠱᠢᠭᠤ ᠭᠤᠷᠪᠠᠨ ᠵᠦᠢᠯ᠎ᠤᠨ ᠠᠷᠭ᠎ᠠ ᠬᠡᠮᠵᠢᠶ᠎ᠡ ᠪᠡᠷ 《ᠵᠠᠰᠠᠭ᠎ᠤᠨ ᠶᠠᠪᠤᠳᠠᠯ᠎ᠤᠨ ᠦᠢᠯᠡᠴᠢᠯᠡᠭᠡ》᠎ᠶ᠋ᠢᠨ ᠶᠡᠷᠦᠩᠬᠡᠢᠯᠡᠨ ᠭᠦᠢᠴᠡᠳᠭᠡᠬᠦ᠌ ᠱᠢᠨ᠎ᠡ ᠵᠠᠭ᠍ᠪᠤᠷ᠎ᠢ ᠡᠭᠦᠳᠪᠡ
2025-12-03 15:08:17
ᠵᠣᠬᠢᠶᠠᠭ᠍ᠴᠢ᠄
ᠡᠣ ᠴᠢᠩ ᠱᠠᠨ
ᠣᠩᠱᠢᠭ᠍ᠰᠠᠨ ᠣᠳᠠᠭ᠎ᠠ᠄
★★★☆☆

ᠨᠠᠢ᠍ᠮᠠᠨ ᠬᠤᠱᠢᠭᠤ ᠲᠣᠭᠠᠴᠢᠯᠠᠭ᠍ᠰᠠᠨ ᠡᠭᠦᠳᠡᠨ ᠫᠠᠢᠰᠠ᠎ᠶ᠋ᠢ ᠨᠢᠭᠡ ᠨᠣᠮᠧᠷ᠎ᠢᠶᠠᠷ ᠴᠤᠭ᠍ᠯᠠᠭᠤᠯᠬᠤ᠂ ᠤᠶᠤᠨᠲᠤ ᠵᠠᠰᠠᠭ᠎ᠤᠨ ᠶᠠᠪᠤᠳᠠᠯ᠎ᠢ ᠬᠤᠶᠠᠷ᠎ᠢ ᠬᠠᠰᠤᠵᠤ ᠨᠢᠭᠡ᠎ᠶ᠋ᠢ ᠬᠡᠯᠲᠦᠷᠢᠭᠦᠯᠬᠦ᠂ ᠰᠠᠭᠠᠳ ᠥᠬᠡᠶ ᠨᠡᠪᠲᠡᠷᠡᠬᠦ᠌ ᠵᠠᠮ᠎ᠢ ᠨᠢᠭᠡ ᠴᠣᠩᠬᠤᠪᠴᠢ᠎ᠪᠠᠷ ᠪᠦᠬᠦᠨ᠎ᠢ ᠭᠦᠢᠴᠡᠳᠭᠡᠬᠦ᠌ ᠭᠤᠷᠪᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠵᠢᠭᠦᠯᠬᠦ᠌᠎ᠪᠠᠷ ᠳᠠᠮᠵᠢᠨ᠂ 《ᠵᠠᠰᠠᠭ᠎ᠤᠨ ᠶᠠᠪᠤᠳᠠᠯ᠎ᠤᠨ ᠦᠢᠯᠡᠴᠢᠯᠡᠭᠡ》᠎ᠶ᠋ᠢᠨ ᠶᠡᠷᠦᠩᠬᠡᠢᠯᠡᠨ ᠭᠦᠢᠴᠡᠳᠭᠡᠬᠦ᠌ ᠱᠢᠨ᠎ᠡ ᠵᠠᠭ᠍ᠪᠤᠷ᠎ᠢ ᠪᠣᠶ ᠪᠣᠯᠭᠠᠵᠤ᠂ ᠠᠵᠤ ᠠᠬᠤᠢᠯᠠᠯ᠎ᠤᠨ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠭᠡᠬᠦ᠌᠎ᠳᠤ 《ᠡᠷᠢᠵᠦ᠍ ᠣᠯᠬᠤ ᠥᠬᠡᠶ᠂ ᠣᠯᠠᠨ ᠭᠠᠵᠠᠷ᠎ᠲᠤ ᠭᠦᠶᠦᠬᠦ᠂ ᠴᠠᠭ ᠣᠷᠳᠣ ᠪᠠᠢᠬᠤ》 ᠠᠰᠠᠭᠤᠳᠠᠯ᠎ᠢ ᠦᠨᠡᠨ ᠬᠦ᠌ ᠱᠢᠢᠳᠪᠦᠷᠢᠯᠡᠪᠡ᠃

ᠲᠣᠭᠠᠴᠢᠯᠠᠭ᠍ᠰᠠᠨ ᠡᠭᠦᠳᠡᠨ ᠫᠠᠢᠰᠠ ᠨᠢᠭᠡ ᠺᠣᠳ᠋᠎ᠢᠶᠠᠷ ᠣᠯᠠᠨ ᠲᠦᠮᠡᠨ᠎ᠳᠤ ᠦᠢᠯᠡᠴᠢᠯᠡᠨ᠎ᠡ᠃ 《ᠲᠣᠭᠠᠴᠢᠯᠠᠭ᠍ᠰᠠᠨ ᠵᠠᠰᠠᠭ᠎ᠤᠨ ᠶᠠᠪᠤᠳᠠᠯ᠎ᠤᠨ ᠡᠭᠦᠳᠡᠨ ᠫᠠᠢᠰᠠ》᠎ᠶ᠋ᠢᠨ ᠱᠢᠰᠲ᠋ᠧᠮ᠎ᠢ ᠭᠠᠷᠭᠠᠵᠤ᠂ ᠪᠥᠬᠦ᠌ ᠬᠤᠱᠢᠭᠤᠨ᠎ᠤ 16 ᠰᠤᠮᠤ ᠱᠢᠶᠠᠩ ᠪᠠᠯᠭᠠᠰᠤ ᠲᠠᠯᠠᠪᠠᠶ (ᠵᠡᠭᠡᠯᠢ ᠭᠤᠳᠤᠮᠵᠢ)᠂ 373 ᠭᠠᠴᠠᠭ᠎ᠠ ᠲᠣᠰᠭᠤᠨ (ᠨᠡᠢᠭᠡᠮ ᠲᠣᠭᠤᠷᠢᠭ)᠎ᠢ᠋ ᠬᠠᠮᠤᠷᠴᠤ᠌᠂ 121 ᠵᠦᠢᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ ᠶᠠᠪᠤᠳᠠᠯ ᠭᠦᠢᠴᠡᠳᠭᠡᠬᠦ᠌ ᠵᠦᠭ᠌ᠯᠡᠭᠦᠷ᠂ 434 ᠰᠠᠯᠠᠭ᠎ᠠ ᠮᠥᠴᠢᠷ᠎ᠤᠨ ᠣᠷᠣᠨ ᠪᠠᠢᠷᠢ᠎ᠶ᠋ᠢᠨ ᠮᠡᠳᠡᠭᠡ ᠵᠠᠩᠭᠢ ᠵᠢᠴᠢ ᠪᠤᠰᠤᠳ ᠥᠨᠳᠥᠷ ᠳᠠᠪᠲᠠᠮᠵᠢᠲᠤ ᠵᠦᠢᠯᠡᠰ᠎ᠢ ᠭᠦᠢᠴᠡᠳᠭᠡᠬᠦ᠌ ᠵᠢᠯᠣᠭᠤᠳᠣᠯᠭ᠎ᠠ ᠵᠡᠷᠭᠡ ᠠᠭᠤᠯᠭ᠎ᠠ᠎ᠶ᠋ᠢ ᠬᠠᠮᠤᠷᠴᠤ᠌᠂ ᠠᠵᠤ ᠠᠬᠤᠢᠯᠠᠯ᠎ᠤᠨ ᠣᠯᠠᠨ ᠲᠦᠮᠡᠨ ᠵᠥᠪᠬᠡᠨ 《ᠲᠣᠭᠠᠴᠢᠯᠠᠭ᠍ᠰᠠᠨ ᠵᠠᠰᠠᠭ᠎ᠤᠨ ᠶᠠᠪᠤᠳᠠᠯ᠎ᠤᠨ ᠡᠭᠦᠳᠡᠨ ᠫᠠᠢᠰᠠ》 ᠶ᠋ᠢᠨ ᠬᠤᠶᠠᠷ ᠬᠡᠮᠵᠢᠯᠳᠦ ᠺᠣᠳ᠋᠎ᠢ ᠱᠢᠷᠪᠢᠪᠡᠯ᠂ ᠳᠠᠷᠣᠢ ᠥᠪᠡᠷᠮᠢᠴᠡ ᠣᠨᠴᠠᠯᠢᠭ᠎ᠲᠠᠢ ᠠᠵᠢᠯ ᠶᠠᠪᠤᠳᠠᠯ ᠭᠦᠢᠴᠡᠳᠭᠡᠬᠦ᠌ ᠬᠠᠪᠰᠤᠷᠤᠭ᠍ᠴᠢ᠎ᠶ᠋ᠢᠨ ᠦᠢᠯᠡᠴᠢᠯᠡᠭᠡ ᠭᠥᠷᠳᠡᠵᠦ᠍᠂ ᠠᠵᠤ ᠠᠬᠤᠢᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠭᠡᠬᠦ᠌᠎ᠳᠤ 《ᠡᠷᠢᠵᠦ᠍ ᠤᠯᠬᠤ ᠥᠬᠡᠶ᠂ ᠬᠦᠢᠴᠡᠳᠭᠡᠵᠦ᠍ ᠴᠢᠳᠠᠬᠤ ᠥᠬᠡᠶ》 ᠠᠰᠠᠭᠤᠳᠠᠯ᠎ᠢ ᠦᠨᠡᠨ ᠬᠦ᠌ ᠱᠢᠢᠳᠪᠦᠷᠢᠯᠡᠨ᠎ᠡ᠃

ᠣᠶᠤᠨᠲᠤ ᠵᠠᠰᠠᠭ᠎ᠤᠨ ᠶᠠᠪᠤᠳᠠᠯ᠎ᠤᠨ ᠬᠤᠶᠠᠷ᠎ᠢ ᠬᠠᠰᠤᠵᠤ ᠨᠢᠭᠡ᠎ᠶ᠋ᠢ ᠬᠡᠯᠲᠦᠷᠢᠭᠦᠯᠬᠦ᠌ ᠬᠢᠨᠠᠨ ᠵᠦᠪᠱᠢᠶᠠᠷᠡᠬᠦ᠌ ᠬᠦᠴᠦᠨ ᠴᠢᠳᠠᠪᠤᠷᠢ᠎ᠶ᠋ᠢ ᠳᠠᠬᠢᠨᠲᠠ ᠳᠡᠰ ᠲᠡᠪᠱᠢᠭᠦᠯᠣᠨ᠎ᠠ᠃ 《ᠬᠤᠶᠠᠷ᠎ᠢ ᠬᠠᠰᠤᠵᠤ ᠨᠢᠭᠡ᠎ᠶ᠋ᠢ ᠬᠡᠯᠲᠦᠷᠢᠭᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠯ᠎ᠡ ᠲᠥᠷᠥᠯ᠎ᠤᠨ ᠵᠦᠢᠯᠡᠰ᠎ᠢ ᠭᠦᠢᠴᠡᠳᠭᠡᠬᠦ᠌ ᠴᠠᠭ᠎ᠤᠨ ᠬᠢᠵᠠᠭᠠᠷ᠎ᠢ 2126.5 ᠠᠵᠢᠯᠯᠠᠬᠤ ᠡᠳᠦᠷ ᠪᠠᠭᠠᠰᠭᠠᠵᠣ᠂ 200 ᠲᠦᠷᠦᠯ᠎ᠤᠨ ᠥᠨᠳᠥᠷ ᠳᠠᠪᠲᠠᠮᠵᠢᠲᠤ ᠵᠦᠢᠯᠡᠰ᠎ᠢ 《ᠬᠠᠪᠰᠤᠷᠤᠨ ᠭᠦᠢᠴᠡᠳᠭᠡᠬᠦ᠌ ᠣᠷᠣᠯᠠᠨ ᠭᠦᠢᠴᠡᠳᠭᠡᠬᠦ᠌》᠂ 《ᠣᠢᠷ᠎ᠠ ᠬᠠᠪᠢ᠎ᠳᠤᠨᠢ ᠭᠦᠢᠴᠡᠳᠭᠡᠬᠦ᠌》᠎ᠶ᠋ᠢ ᠠᠬᠢᠭᠤᠯᠵᠤ᠂ 13 ᠰᠠᠯᠠᠭ᠎ᠠ ᠮᠥᠴᠢᠷ᠎ᠤᠨ 173 ᠲᠦᠷᠦᠯ᠎ᠤᠨ 264 ᠭᠡᠷᠡᠴᠢᠯᠡᠬᠦ᠌ ᠮᠠᠲ᠋ᠧᠷᠢᠶᠠᠯ᠎ᠢ 《ᠦᠨᠡᠮᠯᠡᠯ᠎ᠠᠴᠠ ᠬᠡᠯᠲᠦᠷᠢᠭᠦᠯᠵᠦ᠍ ᠭᠦᠢᠴᠡᠳᠭᠡᠬᠦ᠌》᠎ᠶ᠋ᠢ ᠪᠡᠶᠡᠯᠡᠭᠦᠯᠬᠦ᠌᠎ᠶ᠋ᠢᠨ ᠬᠠᠮᠲᠤ᠌᠂ ᠰᠤᠮᠤ ᠱᠢᠶᠠᠩ ᠪᠠᠯᠭᠠᠰᠤ ᠲᠠᠯᠠᠪᠠᠢ (ᠵᠡᠭᠡᠯᠢ ᠭᠤᠳᠤᠮᠵᠢ)᠂ ᠭᠠᠴᠠᠭ᠎ᠠ ᠲᠣᠰᠭᠤᠨ (ᠨᠡᠢᠭᠡᠮ ᠲᠣᠭᠤᠷᠢᠭ)᠎ᠦ ᠠᠷᠠᠳ᠎ᠲᠤ ᠳᠥᠭᠦᠮ ᠦᠵᠡᠭᠦᠯᠬᠦ᠌ ᠦᠢᠯᠡᠴᠢᠯᠡᠭᠡᠨ᠎ᠤ ᠲᠥᠪ (ᠥᠷᠲᠡᠭᠡ) ᠵᠢᠡᠷ ᠲᠦᠱᠢᠭ ᠪᠣᠯᠭᠠᠵᠤ᠂ ᠬᠢᠨᠠᠨ ᠵᠥᠪᠱᠢᠶᠡᠷᠡᠬᠦ᠌ ᠡᠷᠬᠡ ᠮᠡᠳᠡᠯ᠎ᠢ ᠳᠣᠷᠣᠭ᠍ᠰᠢ ᠪᠠᠭᠤᠯᠭᠠᠵᠤ᠂ ᠦᠢᠯᠡᠴᠢᠯᠡᠭᠡᠨ᠎ᠤ ᠬᠦᠷᠢᠶ᠎ᠡ ᠴᠠᠷᠠᠭ᠎ᠠ᠎ᠶ᠋ᠢ ᠪᠣᠭᠤᠨᠢᠰᠭᠠᠵᠤ᠂ ᠠᠵᠤ ᠠᠬᠤᠢᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠭᠡᠬᠦ᠌᠎ᠳᠤ 《ᠣᠯᠠᠨ ᠭᠠᠵᠠᠷ᠎ᠲᠤ ᠭᠦᠶᠦᠬᠦ᠂ ᠪᠤᠴᠠᠵᠤ ᠭᠦᠶᠦᠬᠦ᠌》 ᠠᠰᠠᠭᠤᠳᠠᠯ᠎ᠢ ᠦᠨᠡᠨ ᠬᠦ᠌ ᠱᠢᠢᠳᠪᠦᠷᠢᠯᠡᠨ᠎ᠡ᠃

ᠰᠠᠭᠠᠳ ᠦᠭᠡᠢ ᠨᠡᠪᠲᠡᠷᠡᠬᠦ᠌ ᠵᠠᠮ ᠳᠣᠬᠢᠷᠠᠭᠤᠯᠵᠣ ᠨᠢᠭᠡ ᠴᠣᠩᠬᠤᠪᠴᠢ᠎ᠪᠠᠷ ᠨᠡᠢᠳᠡᠮ ᠭᠦᠢᠴᠡᠳᠭᠡᠬᠦ᠌ ᠲᠥᠷᠥᠯ ᠵᠦᠢᠯ᠎ᠢ ᠲᠦᠷᠭᠡᠨ ᠨᠠᠢᠳᠠᠪᠣᠷᠢᠵᠢᠭᠤᠯᠣᠨ᠎ᠠ᠃ 《ᠰᠠᠭᠠᠳ ᠥᠬᠡᠶ ᠨᠡᠪᠲᠡᠷᠡᠬᠦ᠌ ᠵᠠᠮ》᠎ᠤ᠋ᠨ ᠦᠢᠯᠡᠴᠢᠯᠡᠭᠡᠨ᠎ᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ ᠭᠠᠷᠭᠠᠵᠤ᠂ ᠰᠠᠯᠠᠭ᠎ᠠ ᠮᠥᠴᠢᠷ᠎ᠤᠨ ᠪᠠᠬᠢᠯᠡᠯᠲᠡ᠎ᠶ᠋ᠢ ᠡᠪᠳᠡᠵᠦ᠍᠂ 《ᠨᠡᠢᠯᠡᠭᠦᠯᠦᠨ ᠬᠢᠨᠠᠨ ᠵᠥᠪᠱᠢᠶᠡᠷᠡᠬᠦ᠂ ᠳᠤᠲᠠᠭᠤ᠎ᠶ᠋ᠢ ᠭᠥᠯᠢᠶᠡᠨ ᠠᠪᠴᠤ᠌ ᠱᠢᠢᠳᠪᠦᠷᠢᠯᠡᠬᠦ᠂ ᠠᠮᠠᠯᠠᠯᠲᠠ᠎ᠶ᠋ᠢ ᠮᠡᠳᠡᠭ᠌ᠳᠡᠬᠦ᠌》 ᠵᠠᠭ᠍ᠪᠤᠷ᠎ᠢ ᠬᠡᠷᠡᠭ᠌ᠵᠢᠭᠦᠯᠬᠦ᠌᠎ᠶ᠋ᠢᠨ ᠬᠠᠮᠲᠤ 《ᠲᠥᠷᠥᠯ ᠵᠦᠢᠯ᠎ᠢ ᠬᠢᠨᠠᠨ ᠵᠥᠪᠱᠢᠶᠡᠷᠡᠭᠦ ᠪᠥᠬᠦ᠌ ᠶᠠᠪᠣᠴᠠ ᠵᠢ ᠣᠷᠣᠯᠠᠨ ᠭᠦᠢᠴᠡᠳᠭᠡᠬᠦ᠌ ᠬᠠᠪᠰᠤᠷᠤᠨ ᠭᠦᠢᠴᠡᠳᠭᠡᠬᠦ᠌》 ᠦᠢᠯᠡᠴᠢᠯᠡᠭᠡᠨ᠎ᠤ ᠵᠠᠭ᠍ᠪᠤᠷ᠎ᠢᠶᠠᠷ ᠳᠠᠮᠵᠢᠭᠤᠯᠤᠨ᠂ ᠠᠵᠤ ᠠᠬᠤᠢᠯᠠᠯ᠎ᠤᠨ 《ᠥᠴᠦᠬᠡᠨ ᠴᠦ᠍ ᠬᠤᠢᠱᠢᠯᠠᠭᠤᠯᠬᠤ ᠥᠬᠡᠶ》 ᠠᠵᠢᠯ ᠡᠬᠢᠯᠡᠭᠦᠯᠦᠨ ᠪᠥᠲᠥᠭᠡᠨ ᠪᠠᠢᠭᠤᠯᠬᠤ᠎ᠶ᠋ᠢ ᠪᠡᠶᠡᠯᠡᠬᠦᠯᠦᠨ᠎ᠡ᠃ ᠵᠢᠯ᠎ᠤᠨ ᠡᠬᠢᠨ᠎ᠠᠴᠠ ᠨᠠᠰᠢ᠂ ᠲᠣᠰ ᠲᠣᠭ᠍ᠲᠠᠴᠠ᠎ᠳᠤ ᠲᠦᠱᠢᠭ᠌ᠯᠡᠨ 4 ᠶᠡᠷᠦᠩᠬᠡᠶ ᠪᠠᠯᠠ ᠣᠷᠣᠭᠤᠯᠤᠯᠲᠠ᠎ᠶ᠋ᠢᠨ 42.4 ᠳ᠋ᠦᠩᠱᠢᠭᠤᠷ ᠲᠥᠭᠦᠷᠢᠭ᠎ᠤᠨ ᠴᠠᠬᠢᠯᠭᠠᠨ ᠲᠣᠤᠷ᠎ᠤᠨ ᠬᠠᠵᠠᠭᠤ᠎ᠶ᠋ᠢᠨ ᠡᠨᠧᠷᠭᠢ ᠬᠠᠳᠠᠭᠠᠯᠠᠬᠤ ᠲᠥᠷᠥᠯ ᠵᠦᠢᠯ᠎ᠢ ᠲᠦᠷᠭᠡᠨ ᠨᠠᠢᠳᠠᠪᠤᠷᠢᠵᠢᠭᠤᠯᠵᠤ᠂ ᠲᠥᠷᠥᠯ ᠵᠣᠢᠯ ᠲᠣᠭ᠍ᠲᠠᠭᠠᠬᠤ᠎ᠠᠴᠠ ᠠᠵᠢᠯ ᠡᠬᠢᠯᠡᠭᠦᠯᠬᠦ᠌ ᠬᠦᠷᠳᠡᠯ᠎ᠡ ᠵᠥᠪᠬᠡᠨ 3 ᠰᠠᠷ᠎ᠠ ᠬᠡᠷᠡᠭ᠌ᠯᠡᠵᠦ᠍᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ 50% ᠎ᠡᠴᠠ ᠳᠡᠭᠡᠭ᠌ᠰᠢ ᠪᠠᠭᠠᠰᠭᠠᠵᠤ᠂ ᠭᠤᠤᠯᠳᠠᠯᠭ᠎ᠠ᠎ᠲᠠᠢ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠭᠠᠷᠳᠠᠮ᠎ᠢ ᠭᠦᠢᠴᠡᠳᠭᠡᠬᠦ᠌᠎ᠳᠤ 《ᠴᠠᠭ ᠣᠷᠳᠣ ᠵᠠᠷᠤᠴᠠᠭᠤᠯᠬᠤ᠂ ᠣᠯᠠᠨ ᠤᠳᠠᠭ᠎ᠠ ᠭᠦᠶᠦᠬᠦ᠌》 ᠠᠰᠠᠭᠤᠳᠠᠯ᠎ᠢ ᠦᠨᠡᠨ ᠬᠦ᠌  ᠱᠢᠢᠳᠪᠦᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号