ᠰᠤᠷᠪᠤᠯᠵᠢᠯᠠᠭ᠍ᠴᠢ 12 ᠰᠠᠷ᠎ᠠ᠎ᠶ᠋ᠢᠨ 1 ᠤ᠋ ᠡᠳᠦᠷ ᠪᠡᠭᠡᠵᠢᠩ ᠬᠣᠲᠠ᠎ᠶ᠋ᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠳᠤ᠂ ᠪᠡᠭᠡᠵᠢᠩ ᠬᠣᠲᠠ᠎ᠶ᠋ᠢᠨ ᠦᠵᠡᠮᠵᠢ᠎ᠶ᠋ᠢᠨ ᠣᠷᠣᠨ᠎ᠤ ᠪᠢᠯᠧᠲ ᠬᠤᠳᠠᠯᠳᠤᠨ ᠠᠪᠬᠤ ᠦᠶ᠋ᠯᠡᠴᠢᠯᠡᠭᠡᠨ᠎ᠦ ᠲᠠᠪᠴᠠᠩ ᠵᠢᠩᠬᠢᠨᠢ᠎ᠪᠡᠷ 《ᠪᠡᠭᠡᠵᠢᠩ ᠳ᠋ᠤ ᠨᠡᠪᠳᠡᠷᠡᠬᠦᠢ》 ᠵᠢᠷᠬᠢᠶ᠎ᠠ ᠵᠢᠨ ᠵᠢᠵᠢᠭ ᠫᠷᠤᠭ᠌ᠷᠠᠮ᠎ᠳᠤ ᠣᠷᠣᠵᠤ᠂ ᠪᠡᠭᠡᠵᠢᠩ ᠬᠣᠲᠠ᠎ᠶ᠋ᠢᠨ 5A᠂ 4A ᠲᠡᠰ ᠤ᠋ᠨ 74 ᠦᠵᠡᠮᠵᠢ᠎ᠶ᠋ᠢᠨ ᠣᠷᠣᠨ᠎ᠤ ᠠᠯᠪᠠᠨ᠎ᠤ ᠲᠠᠯ᠎ᠠ᠎ᠶ᠋ᠢᠨ ᠪᠢᠯᠧᠲ ᠬᠤᠳᠠᠯᠳᠤᠨ ᠠᠪᠬᠤ ᠠᠷᠭ᠎ᠠ ᠵᠠᠮ᠎ᠢ ᠨᠡᠢᠳᠭᠡᠪᠡ᠃
ᠲᠠᠨᠢᠯᠴᠠᠭᠤᠯᠤᠭ᠍ᠰᠠᠨ᠎ᠢᠶᠠᠷ᠂ ᠪᠡᠭᠡᠵᠢᠩ ᠬᠣᠲᠠ᠎ᠶ᠋ᠢᠨ ᠦᠵᠡᠮᠵᠢ᠎ᠶ᠋ᠢᠨ ᠣᠷᠣᠨ᠎ᠤ ᠪᠢᠯᠧᠲ ᠬᠤᠳᠠᠯᠳᠤᠨ ᠠᠪᠬᠤ ᠦᠶ᠋ᠯᠡᠴᠢᠯᠡᠭᠡᠨ᠎ᠦ ᠲᠠᠪᠴᠠᠩ᠎ᠤᠨ ᠵᠣᠷᠢᠯᠭ᠎ᠠ ᠨᠢ ᠬᠣᠲᠠ᠎ᠶ᠋ᠢᠨ ᠠᠷᠠᠳ ᠵᠢᠭᠤᠯᠴᠢᠯᠠᠭᠰᠡᠳ ᠲᠤ᠌ ᠡᠷᠴᠢᠮᠵᠢᠭᠦᠯᠦᠭ᠌ᠰᠡᠨ᠂ ᠳᠥᠭᠥᠮᠴᠢᠯᠡᠭ᠌ᠰᠡᠨ ᠪᠢᠯᠧᠲ᠎ᠦᠨ ᠦᠶ᠋ᠯᠡᠴᠢᠯᠡᠭᠡ ᠬᠠᠩᠭᠠᠵᠤ᠂ ᠦᠵᠡᠮᠵᠢ᠎ᠶ᠋ᠢᠨ ᠣᠷᠣᠨ᠎ᠤ ᠡᠭᠦᠳᠡᠨ ᠪᠢᠯᠧᠲ ᠬᠤᠳᠠᠯᠳᠤᠨ ᠠᠪᠬᠤ ᠠᠷᠭ᠎ᠠ ᠵᠠᠮ ᠲᠠᠷᠠᠬᠠᠶ ᠪᠤᠲᠠᠷᠬᠠᠶ ᠪᠠᠢᠬᠤ᠂ ᠮᠡᠳᠡᠭᠡ ᠵᠠᠩᠭᠢ᠎ᠶ᠋ᠢ ᠳᠠᠪᠬᠤᠷᠳᠠᠭᠤᠯᠤᠨ ᠲᠠᠭ᠍ᠯᠠᠬᠤ ᠵᠡᠷᠭᠡ ᠠᠰᠠᠭᠤᠳᠠᠯ ᠢ᠋ ᠰᠢᠢᠳᠪᠤᠷᠢᠯᠡᠬᠦ ᠵᠢᠨ ᠲᠥᠯᠥᠭᠡ ᠶᠤᠮ᠃ ᠲᠠᠪᠴᠠᠩ᠎ᠨᠢ 《ᠨᠢᠭᠡᠳᠦᠯᠲᠡᠶ ᠣᠷᠣᠬᠤ ᠡᠭᠦᠳᠡ + ᠦᠵᠡᠮᠵᠢ᠎ᠶ᠋ᠢᠨ ᠣᠷᠣᠨ ᠢ᠋ ᠰᠤᠯᠢᠬᠤ》 ᠵᠠᠭ᠍ᠪᠤᠷ᠎ᠢ ᠬᠡᠷᠡᠭ᠌ᠯᠡᠨ᠂ ᠪᠡᠭᠡᠵᠢᠩ ᠬᠣᠲᠠ᠎ᠶ᠋ᠢᠨ ᠬᠠᠷᠢᠶ᠎ᠠ ᠦᠵᠡᠮᠵᠢ᠎ᠶ᠋ᠢᠨ ᠣᠷᠣᠨ᠎ᠤ ᠡᠬᠢ ᠪᠠᠶᠠᠯᠢᠭ᠎ᠢ ᠨᠡᠢᠳᠭᠡᠵᠤ᠂ ᠠᠵᠢᠯᠯᠠᠬᠤ ᠴᠤᠪᠤᠷᠠᠯ᠎ᠢ ᠳᠥᠭᠥᠮᠴᠢᠯᠡᠨ᠂ ᠬᠣᠲᠠ᠎ᠶ᠋ᠢᠨ ᠠᠷᠠᠳ ᠵᠢᠭᠤᠯᠴᠢᠯᠠᠭᠰᠡᠳ ᠣᠷᠣᠨ ᠪᠦᠰᠡ᠂ ᠲᠠᠰ ᠵᠡᠷᠭᠡ᠂ ᠭᠤᠤᠯ ᠰᠡᠳᠦᠪ ᠵᠡᠷᠭᠡ ᠣᠯᠠᠨ ᠲᠠᠯ᠎ᠠ᠎ᠡᠴᠡ ᠦᠵᠡᠮᠵᠢ᠎ᠶ᠋ᠢᠨ ᠣᠷᠣᠨ᠎ᠤ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠵᠤ ᠪᠣᠯᠤᠨ᠎ᠠ᠃ ᠲᠠᠪᠴᠠᠩ᠎ᠨᠢ ᠠᠨᠭ᠌ᠭ᠌ᠯᠢ ᠬᠡᠯᠡᠨ᠎ᠦ ᠬᠡᠪᠯᠡᠯ᠎ᠢ ᠵᠡᠷᠭᠡ ᠪᠡᠷ ᠰᠦᠯᠵᠢᠶᠡᠨ᠎ᠳᠦ ᠭᠠᠷᠭᠠᠵᠤ᠂ ᠭᠠᠳᠠᠭᠠᠳᠤ᠎ᠶ᠋ᠢᠨ ᠵᠢᠭᠤᠯᠴᠢᠯᠠᠭᠰᠡᠳ᠎ᠤᠨ ᠦᠵᠡᠮᠵᠢ᠎ᠶ᠋ᠢᠨ ᠣᠷᠣᠨ᠎ᠤ ᠡᠭᠦᠳᠡᠨ ᠪᠢᠯᠧᠲ ᠬᠤᠳᠠᠯᠳᠤᠨ ᠠᠪᠬᠤ᠎ᠳᠤ ᠲᠥᠬᠥᠮ ᠦᠵᠡᠭᠦᠯᠪᠡ᠃
ᠣᠢᠯᠠᠭᠠᠭ᠍ᠰᠠᠨ᠎ᠢᠶᠠᠷ᠂ ᠲᠠᠷᠠᠭᠠᠴᠢ ᠶ᠋ᠢᠨ ᠠᠯᠬᠤᠮ᠎ᠳᠤ᠂ ᠲᠣᠰ ᠲᠠᠪᠴᠠᠩ ᠨᠢ ᠵᠠᠯᠭᠠᠨ ᠣᠷᠣᠭᠤᠯᠬᠤ ᠬᠡᠪᠴᠢᠶ᠎ᠡ᠎ᠪᠡᠨ ᠦᠷᠭᠦᠯᠵᠢᠯᠡᠨ ᠥᠷᠭᠡᠳᠭᠡᠵᠦ᠍᠂ ᠦᠶ᠋ᠯᠡᠴᠢᠯᠡᠭᠡᠨ᠎ᠦ ᠠᠭᠤᠯᠭ᠎ᠠ᠎ᠪᠠᠨ ᠪᠠᠶᠠᠯᠢᠭ᠍ᠵᠢᠭᠤᠯᠤᠨ᠂ ᠬᠣᠲᠠ᠎ᠶ᠋ᠢᠨ ᠠᠷᠠᠳ ᠵᠢᠭᠤᠯᠴᠢᠯᠠᠬᠰᠡᠳ ᠤ᠋ᠨ ᠪᠢᠯᠧᠲ ᠬᠤᠳᠠᠯᠳᠤᠨ ᠠᠪᠬᠤ᠎ᠳᠤ ᠲᠥᠬᠥᠮ ᠦᠵᠡᠭᠦᠯᠬᠦ᠌ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠪᠣᠯᠤᠨ᠎ᠠ᠃
ᠢᠷᠠᠯᠳᠠ᠄ ᠰᠢᠨᠬᠤᠸᠠ ᠬᠤᠷᠢᠶ᠎ᠠ