ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ 《ᠮᠧᠶ ᠶᠠ ᠬᠤᠨᠳᠠᠭᠠᠲᠤ》 ᠳᠤᠮᠳᠠᠳᠤ ᠤᠯᠤᠰ᠎ᠤᠨ ᠡᠯᠧᠺᠲᠷᠣᠨ ᠲᠣᠭ᠎ᠠ ᠪᠠᠷᠢᠮᠲᠠ ᠵᠢᠨ ᠬᠡᠷᠡᠴᠢ ᠠᠪᠬᠤ ᠤᠷᠤᠯᠳᠤᠭᠠᠨ᠎ᠳᠤ ᠰᠠᠢᠨ ᠬᠢᠷᠢ ᠪᠦᠲᠦᠮᠵᠢ ᠤᠯᠪᠠ
2025-12-03 10:33:21
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 14᠎ᠤ᠋ ᠡᠳᠦᠷ᠎ᠡᠴᠡ 16᠎ᠤ᠋ ᠡᠳᠦᠷ ᠪᠣᠯᠲᠠᠯ᠎ᠠ᠂ 《ᠮᠧᠶ ᠶᠠ ᠬᠤᠨᠳᠠᠭᠠᠲᠤ》 ᠠᠷᠪᠠᠨ ᠨᠢᠭᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠡᠯᠧᠺᠲᠷᠣᠨ ᠲᠣᠭ᠎ᠠ ᠪᠠᠷᠢᠮᠲᠠ ᠵᠢᠨ ᠬᠡᠷᠡᠴᠢ ᠠᠪᠬᠤ ᠤᠷᠤᠯᠳᠤᠭᠠᠨ ᠰᠢᠶᠠᠮᠧᠨ᠎ᠳᠦ ᠶᠠᠪᠤᠭᠳᠠᠪᠠ᠃ ᠤᠷᠤᠯᠳᠤᠭᠠᠨ ᠨᠢ ᠦᠨᠡᠨ ᠪᠣᠳᠠᠲᠠᠢ ᠬᠡᠷᠡᠭ ᠰᠢᠢᠳᠪᠦᠷᠢᠯᠡᠬᠦ ᠪᠠᠢᠳᠠᠯ᠎ᠢ ᠳᠠᠭᠤᠷᠢᠶᠠᠬᠤ᠎ᠪᠠᠷ ᠭᠣᠣᠯ ᠪᠣᠯᠭᠠᠵᠤ᠂ ᠤᠷᠤᠯᠴᠠᠬᠰᠠᠳ ᠤ᠋ᠨ ᠣᠨᠣᠯ᠎ᠤᠨ ᠰᠠᠭᠤᠷᠢ᠂ ᠪᠣᠳᠠᠲᠤ ᠪᠠᠢᠯᠳᠤᠭᠠᠨ᠎ᠤ ᠤᠷ᠎ᠠ ᠴᠢᠳᠠᠪᠤᠷᠢ ᠬᠢᠭᠡᠳ ᠠᠰᠠᠭᠤᠳᠠᠯ᠎ᠢ ᠰᠢᠢᠳᠪᠦᠷᠢᠯᠡᠬᠦ ᠴᠢᠳᠠᠪᠤᠷᠢ᠎ᠶᠢ ᠪᠥᠬᠥ ᠲᠠᠯ᠎ᠠ᠎ᠪᠠᠷ ᠬᠢᠨᠠᠨ ᠰᠢᠯᠭᠠᠵᠠᠢ᠃ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ᠎ᠶᠢᠨ ᠰᠣᠩᠭᠣᠨ ᠲᠣᠮᠢᠯᠠᠭᠰᠠᠨ ZERO1 ᠠᠩᠭᠢ ᠰᠦᠯᠵᠢᠶᠡᠨ ᠭᠠᠳᠠᠨᠠᠬᠢ ᠠᠵᠢᠯ ᠮᠡᠷᠭᠡᠵᠢᠯ᠎ᠦᠨ ᠳᠤᠭᠤᠢᠯᠠᠩ᠎ᠤᠨ ᠬᠠᠮᠲᠤ᠎ᠨᠡᠢᠳᠡ ᠵᠢᠨ ᠤᠷᠤᠯᠳᠤᠭᠠᠨ᠎ᠤ ᠭᠤᠷᠪᠠᠳᠤᠭᠠᠷ ᠳᠡᠰ᠎ᠤᠨ ᠱᠠᠩᠨᠠᠯ ᠭᠥᠷᠳᠡᠵᠦ᠂ ᠹᠠᠨ ᡁᠢ ᠫᠢᠩ ᠪᠠ ᠯᠢ ᠴᠠᠩ ᠴᠦᠨ ᠪᠤᠳᠠᠳᠤ ᠴᠤᠬᠴᠠ ᠵᠢᠨ ᠬᠤᠪᠢ ᠬᠥᠮᠥᠨ᠎ᠦ ᠤᠷᠤᠯᠳᠤᠭᠠᠨ᠎ᠤ ᠭᠤᠷᠪᠠᠳᠤᠭᠠᠷ ᠳᠡᠰ᠎ᠤᠨ ᠱᠠᠩᠨᠠᠯ᠎ᠤᠯᠵᠠᠢ᠃

ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠡᠯᠧᠺᠲᠷᠣᠨ ᠲᠣᠭ᠎ᠠ ᠪᠠᠷᠢᠮᠲᠠ ᠵᠢᠨ ᠬᠡᠷᠡᠴᠢ ᠠᠪᠬᠤ ᠲᠤᠰᠬᠠᠢ ᠮᠡᠷᠭᠡᠵᠢᠯ᠎ᠦᠨ ᠴᠢᠳᠠᠪᠤᠷᠢ᠎ᠪᠡᠷ ᠴᠢᠩᠭ᠎ᠠ᠂ ᠮᠡᠷᠭᠡᠵᠢᠯ᠎ᠦᠨ ᠪᠣᠳᠠᠲᠤ ᠬᠡᠷᠡᠭᠯᠡᠭᠡᠨ᠎ᠦ ᠬᠢᠷᠢ ᠲᠦᠪᠰᠢᠨ᠎ᠵᠢᠡᠷ ᠦᠨᠳᠦᠷ ᠭᠤᠤᠯᠯᠠᠬᠴᠢ ᠬᠦᠴᠦᠨ᠎ᠢ ᠰᠤᠩᠭᠤᠨ ZERO1 ᠠᠩᠭᠢ ᠪᠠᠢᠭᠤᠯᠵᠦ ᠤᠷᠤᠯᠳᠤᠭᠠᠨ ᠳ᠋ᠸ᠋ ᠤᠷᠤᠯᠴᠠᠭᠤᠯᠪᠠ᠃ ᠤᠷᠤᠯᠳᠤᠭᠠᠨ᠎ᠳᠤ ᠣᠷᠣᠯᠴᠠᠭᠰᠠᠳ ᠢᠯᠡᠷᠬᠡᠢᠯᠡᠬᠦ᠎ᠳᠡᠭᠡᠨ᠂ ᠲᠤᠮᠳᠠᠳᠤ ᠤᠯᠤᠰ ᠤ᠋ᠨ ᠠᠵᠢᠯ ᠨᠢᠭᠡᠲᠡᠨ ᠲᠠᠢ ᠤᠷᠤᠯᠳᠤᠬᠤ᠎ᠪᠠᠷ ᠳᠡᠮᠵᠢᠨ᠂ ᠳᠤᠰᠬᠠᠢ ᠮᠡᠷᠭᠡᠵᠢᠯ᠎ᠦᠨ ᠬᠠᠷᠠᠭ᠎ᠠ᠎ᠪᠠᠨ ᠥᠷᠭᠡᠳᠬᠡᠵᠦ᠂ ᠲᠡᠷᠢᠭᠦᠨ᠎ᠦ ᠲᠤᠷᠰᠢᠯᠭ᠎ᠠ᠎ᠶᠢ ᠰᠤᠷᠤᠯᠴᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠲᠣᠰ ᠪᠡᠶ᠎ᠡ᠎ᠶᠢᠨ ᠴᠢᠳᠠᠪᠤᠷᠢ᠎ᠶᠢᠨ ᠳᠤᠲᠠᠭᠤᠳᠠᠯ᠎ᠲᠠᠢ ᠲᠠᠯ᠎ᠠ ᠪᠡᠨ ᠣᠨᠣᠪᠴᠢᠲᠠᠶ ᠡᠷᠢᠵᠦ ᠣᠯᠣᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号