​ᠳᠥᠷᠪᠡᠨ ᠭᠠᠵᠠᠷ᠎ᠤᠨ ᠠᠵᠢᠯᠴᠢᠨ᠎ᠤ ᠡᠪᠯᠡᠯ᠎ᠦᠨ ᠬᠠᠮᠵᠢᠯᠴᠠᠨ ᠬᠥᠭᠵᠢᠬᠦ ᠰᠢᠷᠢᠰ ᠠᠵᠢᠯᠯᠠᠭ᠎ᠠ ᠶᠠᠪᠤᠬᠳᠠᠪᠠ
2025-12-03 10:43:19
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 《ᠬᠠᠮᠵᠢᠯᠴᠠᠨ ᠬᠠᠮᠳᠤᠷᠠᠯᠴᠠᠭ᠎ᠠ ᠪᠠᠨ ᠡᠬᠢᠯᠡᠭᠦᠯᠵᠦ ᠣᠷᠣᠨ ᠪᠦᠰᠡ᠎ᠶᠢᠨ ᠬᠥᠭᠵᠢᠯᠲᠡ᠎ᠶᠢ ᠬᠠᠮᠲᠤ᠎ᠪᠠᠷ ᠠᠬᠢᠭᠤᠯᠤᠶ᠎ᠠ》 ᠭᠡᠬᠦ ᠭᠣᠣᠯ ᠰᠡᠳᠦᠪᠳᠦ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠭᠠᠵᠠᠷ᠎ᠤᠨ ᠠᠵᠢᠯᠴᠢᠨ᠎ᠤ ᠡᠪᠯᠡᠯ᠎ᠦᠨ ᠬᠠᠮᠵᠢᠯᠴᠠᠨ ᠬᠥᠭᠵᠢᠬᠦ ᠰᠢᠷᠢᠰ ᠠᠵᠢᠯᠯᠠᠭ᠎ᠠ ᠬᠥᠬᠡᠬᠣᠲᠠ᠎ᠳᠤ ᠶᠠᠪᠤᠭᠳᠠᠵᠤ᠂ ᠳᠥᠷᠪᠡᠨ ᠭᠠᠵᠠᠷ᠎ᠤᠨ ᠠᠵᠢᠯᠴᠢᠨ᠎ᠤ ᠡᠪᠯᠡᠯ ᠭᠠᠷ ᠬᠣᠯᠪᠣᠨ ᠠᠵᠢᠯᠲᠠᠨ ᠠᠵᠢᠯᠴᠢᠨ᠎ᠳᠤ ᠦᠢᠯᠡᠴᠢᠯᠡᠵᠦ᠂ ᠬᠥᠭᠵᠢᠯᠲᠡ᠎ᠶᠢ ᠠᠬᠢᠭᠤᠯᠬᠤ ᠰᠢᠨ᠎ᠡ ᠪᠠᠢᠳᠠᠯ᠎ᠢ ᠪᠤᠢ ᠪᠤᠯᠭᠠᠪᠠ᠃

ᠲᠤᠬᠠᠢ᠎ᠶᠢᠨ ᠡᠳᠦᠷ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠠᠵᠢᠯᠴᠢᠨ᠎ᠤ ᠡᠪᠯᠡᠯ᠎ᠦᠨ ᠣᠷᠣᠨ ᠪᠦᠰᠡ᠎ᠶᠢᠨ ᠬᠠᠮᠲᠤᠷᠠᠯᠴᠠᠭᠠᠨ᠎ᠤ ᠰᠠᠨᠠᠭᠤᠯᠤᠮᠵᠢ᠎ᠶᠢᠨ ᠪᠢᠴᠢᠭ᠎ᠲᠦ ᠭᠠᠷ᠎ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠳᠥᠷᠪᠡᠨ ᠭᠠᠵᠠᠷ᠎ᠤᠨ ᠠᠵᠢᠯᠴᠢᠨ᠎ᠤ ᠡᠪᠯᠡᠯ ᠬᠠᠮᠲᠤ᠎ᠪᠠᠷ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠠᠵᠢᠯᠴᠢᠨ᠎ᠤ ᠡᠪᠯᠡᠯ᠎ᠦᠨ ᠣᠷᠣᠨ ᠪᠦᠰᠡ᠎ᠶᠢᠨ ᠬᠠᠮᠲᠤᠷᠠᠯᠴᠠᠨ ᠬᠠᠮᠵᠢᠯᠴᠠᠬᠤ ᠦᠢᠯᠡᠴᠢᠯᠡᠭᠡᠨ᠎ᠦ ᠰᠢᠰᠲᠧᠮ᠎ᠢ ᠬᠠᠮᠲᠤ᠎ᠪᠠᠷ ᠪᠠᠶ᠋ᠢᠭᠤᠯᠬᠤ ᠲᠤᠬᠠᠢ ᠰᠠᠨᠠᠭᠠᠴᠢᠯᠠᠭ᠎ᠠ ᠭᠠᠷᠭᠠᠪᠠ᠃ ᠲᠦᠷᠪᠡᠨ ᠭᠠᠵᠠᠷ᠎ᠤᠨ ᠠᠵᠢᠯᠴᠢᠨ᠎ᠤ ᠡᠪᠯᠡᠯ ᠨᠢ ᠵᠢᠷᠭᠤᠭᠠᠨ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠡᠳ᠋ᠯᠡᠬᠦ᠎ᠶᠢ ᠤᠷᠢᠳ ᠢ᠋ᠢᠡᠷ ᠪᠡᠶᠡᠯᠡᠭᠦᠯᠵᠦ᠂ ᠣᠷᠣᠨ ᠪᠦᠰᠡ᠎ᠶᠢᠨ ᠠᠵᠢᠯᠴᠢᠨ᠎ᠤ ᠡᠪᠯᠡᠯ᠎ᠦᠨ ᠦᠢᠯᠡᠴᠢᠯᠡᠭᠡᠨ᠎ᠦ ᠰᠢᠨ᠎ᠡ ᠬᠡᠪ ᠳᠠᠭᠤᠷᠢᠶᠠᠯ᠎ᠢ ᠪᠤᠢ ᠪᠣᠯᠭᠠᠬᠤ ᠪᠤᠯᠤᠨ᠎ᠠ᠃ ᠵᠢᠷᠭᠤᠭᠠᠨ ᠵᠦᠢᠯ᠎ᠦᠨ ᠭᠣᠣᠯᠳᠠᠯᠭ᠎ᠠ ᠲᠠᠢ ᠡᠭᠦᠷᠭᠡ ᠪᠣᠯ᠄ ᠬᠥᠳᠡᠯᠮᠦᠷᠢ᠎ᠶᠢᠨ ᠵᠢᠱ᠌ᠢᠶᠡᠴᠢ᠎ᠶᠢ ᠲᠣᠭᠲᠠᠭᠠᠬᠤ ᠪᠠ ᠦᠢᠯᠡᠴᠢᠯᠡᠭᠡ᠎ᠶᠢ ᠬᠠᠷᠢᠯᠴᠠᠨ ᠨᠡᠪᠲᠡᠷᠡᠭᠦᠯᠬᠦ (ᠤᠯᠤᠰ᠎ᠤᠨ ᠲᠡᠰ᠂ ᠣᠷᠣᠨ᠎ᠤ ᠲᠡᠰ᠎ᠤᠨ ᠬᠥᠳᠡᠯᠮᠦᠷᠢ᠎ᠶᠢᠨ ᠵᠢᠱ᠌ᠢᠶᠡᠴᠢ᠎ᠶᠢ ᠲᠣᠭᠲᠠᠭᠠᠬᠤ᠂ ᠬᠣᠲᠠ᠎ᠶᠢᠨ ᠲᠡᠰ᠎ᠤᠨ ᠬᠥᠳᠡᠯᠮᠦᠷᠢ᠎ᠶᠢᠨ ᠵᠢᠱ᠌ᠢᠶᠡᠴᠢ᠎ᠶᠢᠨ ᠬᠠᠷᠢᠴᠠᠭ᠎ᠠ᠎ᠶᠢ ᠰᠢᠯᠵᠢᠭᠦᠯᠬᠦ ᠪᠠᠭᠲᠠᠨ᠎ᠠ); ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠬᠠᠷᠢᠯᠴᠠᠨ ᠨᠡᠪᠲᠡᠷᠡᠭᠦᠯᠬᠦ (ᠠᠵᠤ ᠠᠬᠤᠢᠯᠠᠯ᠎ᠤᠨ ᠠᠵᠢᠯᠲᠠᠨ ᠠᠵᠢᠯᠴᠢᠨ ᠬᠡᠷᠡᠭᠯᠡᠬᠦ ᠬᠡᠷᠡᠭᠴᠡᠭᠡ ᠪᠠ ᠠᠵᠢᠯ ᠡᠷᠢᠬᠦ ᠳᠠᠩᠰᠠᠯᠠᠯᠲᠠ᠎ᠶᠢᠨ ᠬᠥᠮᠥᠷᠭᠡ᠎ᠶᠢ ᠬᠠᠷᠢᠯᠴᠠᠨ ᠨᠡᠪᠲᠡᠷᠡᠭᠦᠯᠬᠦ᠂ ᠳᠥᠷᠪᠡᠨ ᠭᠠᠵᠠᠷ᠎ᠤᠨ ᠠᠵᠢᠯ ᠣᠯᠭᠣᠯᠲᠠ᠎ᠶᠢ ᠬᠠᠷᠢᠯᠴᠠᠨ ᠬᠦᠷᠭᠡᠬᠦ ᠠᠷᠭ᠎ᠠ ᠵᠠᠮ᠎ᠢ ᠨᠡᠪᠲᠡᠷᠡᠭᠦᠯᠬᠦ᠂ ᠠᠵᠤ ᠠᠬᠤᠢᠯᠠᠯ ᠪᠠ ᠠᠵᠢᠯᠲᠠᠨ ᠠᠵᠢᠯᠴᠢᠨ᠎ᠤ ᠠᠵᠢᠯ ᠣᠯᠬᠤ ᠰᠣᠩᠭᠣᠯᠲᠠ᠎ᠶᠢ ᠥᠷᠭᠡᠳᠬᠡᠬᠦ ᠵᠡᠷᠭᠡ ᠪᠠᠭᠲᠠᠨ᠎ᠠ); ᠬᠥᠳᠡᠯᠮᠦᠷᠢ᠎ᠶᠢᠨ ᠬᠦᠷᠢᠶᠡᠨ᠎ᠳᠡᠬᠢ ᠬᠠᠤᠯᠢ ᠴᠠᠭᠠᠵᠠ ᠪᠡᠷ ᠡᠷᠬᠡ ᠪᠠᠨ ᠬᠠᠮᠠᠭᠠᠯᠠᠬᠤ ᠵᠢ ᠬᠠᠷᠢᠯᠴᠠᠨ ᠨᠡᠪᠲᠡᠷᠡᠭᠦᠯᠬᠦ; ᠬᠥᠳᠡᠯᠮᠦᠷᠢ᠎ᠶᠢᠨ ᠵᠢᠱ᠌ᠢᠶᠡᠴᠢ ᠤᠷᠠᠨ ᠲᠠᠷᠬᠠᠨ᠎ᠤ ᠴᠢᠳᠠᠪᠤᠷᠢᠲᠠᠨ᠎ᠤ ᠰᠣᠯᠢᠯᠴᠠᠭ᠎ᠠ ᠵᠢ ᠬᠠᠷᠢᠯᠴᠠᠨ ᠨᠡᠪᠲᠡᠷᠡᠭᠦᠯᠬᠦ; ᠠᠵᠢᠯᠲᠠᠨ ᠠᠵᠢᠯᠴᠢᠨ᠎ᠤ ᠤᠷ᠎ᠠ ᠴᠢᠳᠠᠪᠤᠷᠢ᠎ᠶᠢᠨ ᠤᠷᠤᠯᠳᠤᠭᠠᠨ᠂ ᠠᠵᠢᠯᠲᠠᠨ ᠠᠵᠢᠯᠴᠢᠨ᠎ᠤ ᠰᠣᠶᠣᠯ ᠪᠡᠶ᠎ᠡ ᠢ᠋ᠢᠨ ᠲᠠᠮᠢᠷ᠎ᠤᠨ ᠤᠷᠤᠯᠳᠤᠭᠠᠨ ᠵᠡᠷᠭᠡ ᠠᠵᠢᠯᠯᠠᠭ᠎ᠠ ᠎ᠶᠢ ᠬᠠᠮᠲᠤᠷᠠᠨ ᠥᠷᠨᠢᠭᠦᠯᠬᠦ; ᠤᠷᠠᠨ ᠳᠠᠷᠬᠠᠨ᠎ᠤ ᠳᠡᠭᠡᠳᠦ ᠰᠤᠷᠭᠠᠭᠤᠯᠢ᠂ ᠠᠵᠢᠯᠲᠠᠨ ᠠᠵᠢᠯᠴᠢᠨ᠎ᠤ ᠠᠵᠢᠯ ᠣᠯᠭᠤᠵᠤ ᠦᠢᠯᠡᠰ ᠪᠤᠰᠬᠠᠬᠤ ᠪᠣᠯᠪᠠᠰᠤᠷᠠᠯ᠎ᠤᠨ ᠰᠠᠭᠤᠷᠢᠨ ᠵᠡᠷᠭᠡ ᠠᠵᠢᠯᠴᠢᠨ᠎ᠤ ᠡᠪᠯᠡᠯ᠎ᠦᠨ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠬ᠎ᠢ ᠬᠠᠮᠲᠦ ᠪᠡᠷ ᠡᠳ᠋ᠯᠡᠬᠦ ᠵᠡᠷᠭᠡ ᠪᠤᠯᠤᠨ᠎ᠠ᠃

ᠬᠥᠬᠡᠬᠣᠲᠠ ᠪᠤᠭᠤᠲᠤ ᠣᠷᠳᠣᠰ ᠤᠯᠠᠭᠠᠨᠴᠠᠪ ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠦ᠂ ᠣᠷᠣᠨ ᠪᠦᠰᠡ᠎ᠶᠢᠨ ᠬᠠᠮᠵᠢᠯᠴᠠᠨ ᠬᠥᠭᠵᠢᠬᠦ ᠶᠡᠬᠡ ᠬᠠᠨᠳᠤᠰᠢ᠎ᠳᠤ ᠵᠣᠬᠢᠴᠠᠭᠤᠯᠤᠨ᠂ ᠳᠥᠷᠪᠡᠨ ᠭᠠᠵᠠᠷ᠎ᠤᠨ ᠬᠢᠨ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠠᠵᠢᠯᠴᠢᠨ᠎ᠤ ᠡᠪᠯᠡᠯ᠎ᠦᠨ ᠣᠷᠣᠨ ᠪᠦᠰᠡ᠎ᠶᠢᠨ ᠬᠠᠮᠲᠤᠷᠠᠯᠴᠠᠨ ᠬᠠᠮᠵᠢᠯᠴᠠᠬᠤ ᠦᠢᠯᠡᠴᠢᠯᠡᠭᠡᠨ᠎ᠦ ᠰᠢᠰᠲᠧᠮ᠎ᠢ ᠬᠠᠮᠲᠤ ᠪᠠᠷ ᠪᠠᠢᠭᠤᠯᠤᠬᠰᠠᠨ ᠨᠢ ᠭᠠᠵᠠᠷ ᠣᠷᠣᠨ᠎ᠤ ᠵᠠᠭᠠᠭ ᠬᠢᠵᠠᠭᠠᠷ ᠢ᠋ ᠡᠪᠳᠡᠵᠦ᠂ ᠡᠬᠢ ᠪᠠᠶᠠᠯᠢᠭ᠋᠎ᠤᠨ ᠳᠠᠪᠠᠭᠤᠯᠢᠭ᠋ ᠢ᠋ ᠨᠡᠢᠳᠬᠡᠵᠦ᠂ ᠦᠢᠯᠡᠴᠢᠯᠡᠭᠡᠨ᠎ᠦ ᠦᠢᠯᠡᠳᠦᠯ ᠴᠢᠳᠠᠪᠬᠢ ᠶ᠋ᠢ ᠳᠡᠭᠡᠭᠰᠢᠯᠡᠭᠦᠯᠦᠨ᠂ ᠳᠥᠷᠪᠡᠨ ᠭᠠᠵᠠᠷ᠎ᠤᠨ ᠠᠵᠢᠯᠲᠠᠨ ᠠᠵᠢᠯᠴᠢᠨ᠎ᠳᠤ ᠬᠥᠳᠡᠯᠮᠦᠷᠢ ᠶ᠋ᠢᠨ ᠵᠢᠱ᠌ᠢᠶᠡᠴᠢ ᠶ᠋ᠢᠨ ᠬᠠᠷᠠᠭᠠᠯᠵᠠᠯ ᠢ᠋ ᠦᠷᠭᠦᠯᠵᠢᠯᠡᠭᠦᠯᠬᠦ᠂ ᠬᠥᠯᠥᠰᠦᠨ ᠠᠵᠢᠯᠴᠢᠨ᠎ᠤ ᠡᠪᠯᠡᠯ᠎ᠦᠨ ᠬᠠᠷᠢᠶ᠎ᠠ ᠶ᠋ᠢ ᠬᠥᠳᠡᠯᠦᠩᠭᠦᠢ᠎ᠪᠡᠷ ᠰᠢᠯᠵᠢᠭᠦᠯᠬᠦ᠂ ᠣᠷᠣᠨ ᠪᠦᠰᠡ ᠠᠯᠤᠰᠯᠠᠨ ᠠᠵᠢᠯ ᠣᠯᠬᠤ᠂ ᠡᠷᠬᠡ᠎ᠪᠡᠨ ᠬᠠᠮᠠᠭᠠᠯᠠᠬᠤ᠎ᠳᠤ ᠲᠦᠭᠦᠮ ᠪᠤᠯᠭᠠᠬᠤ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ᠂ ᠰᠣᠶᠣᠯ ᠢ᠋ ᠬᠠᠮᠲᠤ᠎ᠪᠠᠷ ᠡᠳ᠋ᠯᠡᠬᠦ ᠵᠡᠷᠭᠡ ᠲᠠᠯ᠎ᠠ᠎ᠪᠠᠷ ᠦᠨᠡᠨ ᠪᠣᠳᠠᠲᠠᠢ ᠲᠥᠬᠥᠮ ᠦᠵᠡᠭᠦᠯᠵᠦ᠂ ᠣᠷᠣᠨ ᠪᠦᠰᠡ ᠶ᠋ᠢᠨ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠵᠢ ᠵᠤᠷᠢᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号