ᠡᠨᠡ ᠵᠢᠯ᠎ᠡᠴᠡ ᠨᠠᠭᠠᠰᠢ᠂ ᠣᠲᠣᠭ᠎ᠤᠨ
ᠡᠮᠦᠨᠡᠲᠦ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ
ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠲᠥᠪ ᠣᠯᠠᠨ ᠲᠦᠮᠡᠨ᠎ᠦ ᠢᠳᠡᠭᠡᠨ ᠤᠮᠳᠠᠭᠠᠨ᠎ᠤ ᠠᠮᠤᠷ
ᠲᠦᠪᠱᠢᠨ᠎ᠢ ᠪᠠᠲᠤᠯᠠᠬᠤ᠎ᠪᠠᠷ ᠡᠭᠦᠷᠭᠡ᠎ᠪᠡᠨ ᠪᠣᠯᠭᠠᠵᠤ᠂ ᠭᠤᠤᠯᠳᠠᠯᠭ᠎ᠠ᠎ᠲᠠᠶ ᠲᠠᠯᠠᠪᠤᠷ ᠭᠠᠵᠠᠷ᠂
ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠢᠳᠡᠭᠡᠨ ᠤᠮᠳᠠᠭᠠᠨ᠎ᠢ
ᠲᠦᠷᠭᠡᠨ ᠱᠢᠯᠭᠠᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ᠌ ᠵᠢᠯ᠎ᠳᠦ ᠨᠡᠢᠲᠡ 5712 ᠪᠦᠯᠦᠭ
ᠤᠳᠠᠭ᠎ᠠ᠎ᠶ᠋ᠢᠨ ᠲᠦᠷᠭᠡᠨ ᠱᠢᠯᠭᠠᠨ ᠪᠠᠢᠴᠠᠭᠠᠯᠲᠠ᠎ᠶ᠋ᠢ ᠪᠡᠶᠡᠯᠡᠭᠦᠯᠵᠦ᠍᠂ ᠤᠨᠤᠴᠠᠳᠠᠢ ᠪᠡᠷ ᠰᠢᠯᠭᠠᠨ
ᠪᠠᠢᠴᠠᠭᠠᠬᠤ᠂ ᠪᠢᠳᠡᠬᠦᠦ ᠪᠡᠷ ᠰᠢᠢᠳᠪᠦᠷᠢᠯᠡᠬᠦ ᠠᠷᠭ᠎ᠠ ᠠᠪᠴᠠᠯ ᠵᠢᠡᠷ ᠪᠥᠬᠥ᠌ ᠬᠣᠱᠢᠭᠤᠨ᠎ᠤ ᠢᠳᠡᠭᠡᠨ᠎ᠦ
ᠠᠮᠤᠷ ᠲᠦᠪᠱᠢᠨ᠎ᠦ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ᠎ᠢ ᠪᠠᠳᠤ ᠰᠦᠯᠵᠢᠵᠥ᠂ ᠲᠤᠰᠭᠠᠶ
ᠮᠡᠷᠭᠡᠵᠢᠯ᠎ᠦᠨ ᠬᠦᠴᠦᠨ᠎ᠢᠶᠡᠷ ᠣᠯᠠᠨ ᠲᠦᠮᠡᠨ᠎ᠦ 《ᠢᠳᠡᠭᠡᠨ ᠤᠮᠳᠠᠭᠠᠨ᠎ᠤ ᠵᠣᠯ ᠵᠢᠷᠭᠠᠯ》 ᠢ᠋ ᠬᠠᠮᠠᠭᠠᠯᠠᠪᠠ᠃

ᠭᠤᠤᠯᠳᠠᠯᠭ᠎ᠠ᠎ᠲᠠᠶ ᠲᠠᠯᠠᠪᠤᠷ ᠭᠠᠵᠠᠷ ᠲᠤ᠌ ᠠᠶᠠᠯᠠᠯ ᠬᠠᠮᠠᠭᠠᠯᠠᠵᠤ ᠠᠮᠤᠷ ᠲᠦᠪᠱᠢᠨ᠎ᠦ 《ᠬᠠᠯᠬᠠᠪᠴᠢ ᠬᠡᠷᠡᠮ》 ᠢ᠋ ᠪᠠᠲᠤ ᠴᠣᠭ᠍ᠴᠠᠯᠠᠪᠠ
ᠰᠢᠯᠭᠠᠨ ᠪᠠᠢᠴᠠᠭᠠᠵᠥ ᠰᠢᠯᠭᠠᠨ ᠬᠡᠮᠵᠢᠬᠦ
ᠳᠦᠪ ᠡᠴᠡ ᠰᠤᠷᠭᠠᠭᠤᠯᠢ᠎ᠶ᠋ᠢᠨ ᠬᠣᠭᠣᠯᠠᠨ ᠬᠡᠷ᠂ ᠲᠣᠮᠣ ᠬᠡᠯᠪᠡᠷᠢ᠎ᠶ᠋ᠢᠨ ᠢᠳᠡᠭᠡᠨ ᠤᠮᠳᠠᠭᠠᠨ ᠤ᠋ ᠭᠠᠵᠠᠷ
ᠵᠡᠷᠭᠡ ᠣᠯᠠᠨ ᠲᠦᠮᠡᠨ᠎ᠦ ᠳᠡᠭᠡᠳᠦ ᠬᠡᠮᠵᠢᠶ᠎ᠡ᠎ᠪᠡᠷ ᠠᠩᠬᠠᠷᠴᠤ᠌ ᠪᠠᠢᠭ᠎ᠠ ᠲᠠᠯᠠᠪᠤᠷ ᠭᠠᠵᠠᠷ᠎ᠢ ᠴᠢᠩᠭ᠎ᠠ
ᠠᠩᠬᠠᠷᠴᠤ᠌᠂ 787 ᠪᠦᠯᠦᠭ
ᠤᠳᠠᠭ᠎ᠠ᠎ᠶ᠋ᠢᠨ ᠲᠤᠰᠭᠠᠶ ᠵᠦᠶ᠋ᠯ᠎ᠦᠨ ᠲᠦᠷᠭᠡᠨ ᠱᠢᠯᠭᠠᠨ ᠪᠠᠢᠴᠠᠭᠠᠯᠲᠠ᠎ᠶ᠋ᠢ ᠥᠷᠨᠢᠭᠦᠯᠵᠦ᠍᠂ ᠢᠳᠡᠭᠡᠨ᠎ᠦ
ᠮᠠᠲ᠋ᠧᠷᠢᠶᠠᠯ᠎ᠤᠨ ᠶᠠᠰᠤ ᠴᠢᠨᠠᠷ ᠬᠢᠭᠡᠳ ᠢᠳᠡᠭᠡᠨ ᠤᠮᠳᠠᠭᠠᠨ᠎ᠤ ᠡᠷᠡᠭᠦᠯ ᠬᠠᠮᠠᠭᠠᠯᠠᠯ᠎ᠤᠨ ᠬᠡᠮ ᠰᠣᠭᠣᠭ᠎ᠢ
ᠭᠤᠤᠯᠳᠠᠯᠭ᠎ᠠ᠎ᠲᠠᠶ ᠵᠢᠭ᠍ᠰᠠᠭᠠᠨ ᠪᠠᠢᠴᠠᠭᠠᠪᠠ᠃ ᠡᠭᠦᠨ᠎ᠳᠦ᠂ ᠰᠤᠷᠭᠠᠭᠤᠯᠢ᠎ᠶ᠋ᠢᠨ ᠬᠦᠷᠢᠶ᠎ᠡ ᠵᠢᠴᠢ ᠲᠣᠮᠣ
ᠬᠡᠯᠪᠡᠷᠢ᠎ᠶ᠋ᠢᠨ ᠢᠳᠡᠭᠡᠨ ᠤᠮᠳᠠᠭᠠᠨ ᠢᠳᠡᠱᠢᠨ ᠨᠣᠭᠣᠭ᠎ᠠ᠂ ᠵᠢᠮᠢᠰ᠂ ᠮᠢᠬᠠᠨ᠎ᠤ ᠵᠦᠶ᠋ᠯ᠂ ᠪᠤᠰᠤᠳ
ᠢᠳᠡᠭᠡᠨ᠎ᠦ ᠲᠤᠰᠭᠠᠶ ᠵᠦᠶ᠋ᠯ᠎ᠦᠨ ᠪᠠᠢᠴᠠᠭᠠᠨ ᠰᠢᠯᠭᠠᠯᠳᠠ ᠵᠢ 278 ᠪᠦᠯᠦᠭ ᠤᠳᠠᠭ᠎ᠠ ᠦᠷᠨᠢᠬᠦᠯᠵᠥ᠂
ᠬᠣᠭᠣᠯᠠᠨ᠎ᠤ ᠬᠡᠷᠡᠭ᠌ᠰᠡᠯ ᠭᠡᠬᠦ᠌ ᠡᠨᠡ ᠬᠦ᠌ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠴᠢᠭ᠌ᠯᠡᠭᠦᠯᠦᠨ᠂
ᠴᠡᠪᠡᠷᠴᠡ᠎ᠶ᠋ᠢᠨ ᠲᠤᠰᠭᠠᠶ ᠵᠦᠶ᠋ᠯ᠎ᠦᠨ ᠪᠠᠢᠴᠠᠭᠠᠨ ᠰᠢᠯᠭᠠᠯᠳᠠ ᠵᠢ 337 ᠪᠦᠯᠦᠭ ᠤᠳᠠᠭ᠎ᠠ᠂ ᠪᠦᠳᠦᠭᠦᠨ ᠭᠡᠳᠡᠰᠦᠨ᠎ᠦ
ᠪᠠᠺᠲ᠋ᠧᠷᠢ᠎ᠶ᠋ᠢᠨ ᠪᠦᠯᠦᠭ᠌ᠯᠡᠯ᠎ᠦᠨ ᠮᠢᠺᠷᠣᠪ᠎ᠤᠨ ᠲᠤᠰᠭᠠᠶ ᠵᠦᠶ᠋ᠯ᠎ᠦᠨ ᠪᠠᠢᠴᠠᠭᠠᠨ ᠰᠢᠯᠭᠠᠯᠳᠠ ᠵᠢ 172 ᠪᠦᠯᠦᠭ ᠤᠳᠠᠭ᠎ᠠ
ᠦᠷᠨᠢᠬᠦᠯᠵᠥ᠂ ᠴᠡᠪᠡᠷᠴᠡ ᠵᠢᠨ ᠬᠡᠮᠵᠢᠶ᠎ᠡ ᠵᠡᠷᠬᠡ ᠵᠢᠨ 116 ᠪᠦᠯᠦᠭ ᠤᠳᠠᠭ᠎ᠠ ᠵᠢᠨ ᠬᠢᠷᠢ ᠲᠡᠩᠴᠡᠭᠦ᠌
ᠥᠬᠡᠶ ᠥᠯᠢᠭᠡᠷ ᠡᠳ᠋᠎ᠢ ᠠᠩᠬ᠎ᠠ ᠠᠯᠬᠤᠮ ᠢᠯᠡᠷᠡᠭᠦᠯᠵᠡᠶ᠃

ᠦᠷ᠎ᠡ ᠳ᠋ᠦᠩ᠎ᠨᠢ ᠴᠢᠩᠭ᠎ᠠ ᠨᠢᠮᠪᠠᠶ ᠵᠥᠪ
ᠣᠨᠣᠪᠴᠢᠲᠠᠶ ᠪᠠᠢᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠰᠢᠯᠭᠠᠨ ᠪᠠᠢᠴᠠᠭᠠᠵᠥ ᠰᠢᠯᠭᠠᠨ
ᠬᠡᠮᠵᠢᠬᠦ ᠲᠥᠪ᠎ᠡᠴᠡ ᠳᠠᠬᠢᠨ ᠪᠠᠢᠴᠠᠭᠠᠬᠤ ᠲᠠᠰ ᠳᠠᠷᠠᠭᠠᠯᠠᠯ᠎ᠢ ᠲᠡᠷᠡ ᠳᠠᠷᠤᠶᠳᠤᠨᠢ ᠡᠬᠢᠯᠡᠭᠦᠯᠵᠦ᠍᠂
ᠲᠤᠰᠭᠠᠶ ᠮᠡᠷᠭᠡᠵᠢᠯ᠎ᠦᠨ ᠲᠣᠨᠣᠭ ᠲᠥᠬᠥᠭᠡᠷᠦᠮᠵᠢ ᠪᠡᠷ ᠳᠠᠬᠢᠨ ᠬᠢᠨᠠᠬᠤ᠂ ᠮᠡᠷᠭᠡᠵᠢᠯ᠎ᠦᠨ ᠠᠵᠢᠯᠲᠠᠨ
ᠴᠢᠩᠭ᠎ᠠ ᠬᠢᠨᠠᠬᠤ᠎ᠪᠠᠷ ᠳᠠᠮᠵᠢᠭᠤᠯᠤᠨ᠂ ᠡᠴᠦᠰ᠎ᠦᠨ ᠪᠣᠶ ᠪᠥᠬᠥᠶ ᠳᠠᠬᠢᠨ ᠪᠠᠢᠴᠠᠭᠠᠬᠰᠠᠨ ᠦᠯᠢᠬᠡᠷ ᠡᠳ᠋᠎ᠨᠢ
ᠴᠥᠮ ᠬᠢᠷᠢ ᠲᠡᠩᠴᠡᠵᠦ᠍᠂ ᠬᠢᠷᠢ ᠲᠡᠩᠴᠡᠭᠦ᠌ ᠥᠬᠡᠶ ᠬᠤᠭᠤᠯᠠᠨ ᠬᠡᠷᠡᠭᠰᠡᠯ ᠬᠤᠭᠤᠯᠠᠨ ᠰᠢᠷᠡᠬᠡᠨ ᠳᠡᠬᠡᠷ᠎ᠡ
ᠭᠠᠷᠬᠤ ᠶ᠋ᠢ ᠪᠦᠲᠦᠮᠵᠢᠲᠡᠶ ᠬᠣᠷᠢᠭ᠍ᠯᠠᠵᠤ᠂ ᠪᠠᠭ᠍ᠰᠢ ᠰᠣᠷᠣᠭ᠍ᠴᠢᠳ ᠵᠢᠴᠢ ᠬᠡᠷᠡᠭ᠌ᠯᠡᠭ᠌ᠴᠢᠳ᠎ᠦᠨ ᠠᠮᠤᠷ
ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠪᠠ᠃
ᠡᠳᠦᠷ ᠲᠤᠲᠤᠮ᠎ᠤᠨ
ᠬᠢᠨᠠᠯᠲᠠ ᠬᠠᠮᠢᠶᠠᠷᠤᠯᠲᠠ᠎ᠶ᠋ᠢ ᠪᠦᠷᠬᠦᠭᠦᠯᠵᠦ᠍ ᠠᠷᠠᠳ᠎ᠤᠨ ᠠᠮᠢᠳᠤᠷᠠᠯ᠎ᠤᠨ 《ᠪᠠᠲᠤᠯᠠᠭ᠎ᠠ᠎ᠶ᠋ᠢᠨ ᠲᠤᠤᠷ》 ᠢ᠋ ᠨᠢᠭ᠍ᠲᠠ ᠰᠦᠯᠵᠢᠪᠡ
ᠲᠠᠷᠢᠶᠠᠯᠠᠩ᠎ᠤᠨ ᠳᠤᠰᠠᠯᠠᠬᠤ ᠠᠵᠥ ᠠᠬᠤᠢ
ᠵᠢᠨ ᠪᠦᠳᠦᠬᠡᠭᠳᠡᠬᠦᠨ ᠤ᠋ ᠠᠷᠠᠯᠵᠢᠶᠠᠨ᠎ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠎ᠢᠶᠡᠷ ᠭᠤᠤᠯ
ᠬᠢᠨᠠᠯᠲᠠ ᠬᠠᠮᠢᠶᠠᠷᠤᠯᠲᠠ᠎ᠶ᠋ᠢᠨ ᠰᠠᠭᠤᠷᠢᠨ ᠪᠣᠯᠭᠠᠵᠤ᠂ ᠡᠳᠦᠷ ᠲᠤᠲᠤᠮ᠎ᠤᠨ ᠲᠦᠷᠭᠡᠨ ᠪᠠᠢᠴᠠᠭᠠᠯᠲᠠ᠎ᠶ᠋ᠢ 4506 ᠪᠦᠯᠦᠭ ᠤᠳᠠᠭ᠎ᠠ
ᠥᠷᠨᠢᠭᠦᠯᠵᠦ᠍᠂ ᠢᠳᠡᠱᠢᠨ ᠨᠣᠭᠣᠭ᠎ᠠ᠂ ᠵᠢᠮᠢᠰ᠂ ᠮᠢᠬᠠᠨ᠎ᠤ ᠵᠦᠶ᠋ᠯ᠂ ᠤᠰᠤᠨ ᠭᠠᠷᠤᠯᠲᠠ᠂ ᠭᠤᠱᠤᠭᠤᠨ
ᠱᠦᠯᠦ᠎ᠳᠦ ᠵᠢᠨ ᠰᠠᠭᠤᠷᠢ ᠮᠠᠲ᠋ᠧᠷᠢᠶᠠᠯ᠂ ᠰᠦ ᠴᠠᠭᠠᠨ ᠢᠳᠡᠭᠡᠨ᠂ ᠰᠤᠯᠠ ᠪᠣᠭᠣᠳᠠᠯ᠎ᠲᠠᠶ ᠪᠤᠯᠭᠤᠭ᠍ᠰᠠᠨ
ᠢᠳᠡᠭᠡᠨ ᠵᠡᠷᠭᠡ ᠣᠯᠠᠨ ᠲᠦᠮᠡᠨ᠎ᠦ ᠬᠡᠷᠡᠭ᠌ᠯᠡᠭᠡᠨ᠎ᠦ ᠥᠨᠳᠥᠷ ᠳᠠᠪᠲᠠᠮᠵᠢᠲᠤ ᠲᠥᠷᠥᠯ ᠵᠦᠶ᠋ᠯ᠎ᠢ ᠬᠠᠮᠤᠷᠴᠤ᠌᠂ ᠲᠠᠷᠢᠶᠠᠨ ᠡᠮ᠎ᠦᠨ ᠦᠯᠡᠳᠡᠭ᠌ᠳᠡᠯ᠂ ᠮᠠᠯ᠎ᠤᠨ ᠡᠮ᠎ᠦᠨ ᠦᠯᠡᠳᠡᠭ᠌ᠳᠡᠯ᠂ ᠮᠢᠺᠷᠣᠪ᠎ᠤᠨ ᠪᠣᠬᠢᠷᠲᠤᠯ᠂
ᠬᠠᠤᠯᠢ ᠪᠤᠰᠤ ᠨᠡᠮᠡᠯᠲᠡ ᠡᠳ᠋ ᠵᠡᠷᠭᠡ ᠲᠦᠭ᠌ᠰᠢᠭᠦᠷᠢ᠎ᠶ᠋ᠢᠨ ᠭᠦᠶ᠋ᠴᠡᠳᠭᠡᠯ ᠲᠣᠭ᠎ᠠ᠎ᠶ᠋ᠢ
ᠭᠤᠤᠯᠳᠠᠯᠭ᠎ᠠ᠎ᠲᠠᠶ ᠪᠠᠢᠴᠠᠭᠠᠨ ᠱᠢᠯᠭᠠᠪᠠ᠃

《ᠡᠳᠦᠷ ᠪᠦᠷᠢ ᠰᠤᠭᠤᠴᠢᠨ ᠪᠠᠢᠴᠠᠭᠠᠬᠤ +
ᠲᠣᠭ᠎ᠠ ᠪᠠᠷᠢᠮᠲᠠ᠎ᠶ᠋ᠢ ᠴᠤᠭ᠍ᠯᠠᠭᠤᠯᠤᠨ ᠨᠡᠢᠯᠡᠭᠦᠯᠬᠦ᠌》ᠵᠠᠭ᠍ᠪᠤᠷ᠎ᠢᠶᠠᠷ
ᠳᠠᠮᠵᠢᠭᠤᠯᠤᠨ᠂ ᠭᠦᠶ᠋ᠯᠭᠡᠭᠡᠨ᠎ᠦ ᠭᠣᠭ᠍ᠴᠣᠭᠠᠨ ᠳ᠋ᠡᠬᠢ ᠢᠳᠡᠭᠡᠨ᠎ᠦ ᠠᠮᠤᠷ ᠲᠦᠪᠱᠢᠨ᠎ᠦ ᠬᠡᠮ ᠰᠣᠭᠣᠭ᠎ᠢ
ᠴᠠᠭ ᠲᠤᠬᠠᠶ᠎ᠳᠤᠨᠢ ᠵᠢᠭ᠍ᠰᠠᠭᠠᠨ ᠪᠠᠢᠴᠠᠭᠠᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ
ᠰᠠᠯᠠᠭ᠎ᠠ ᠮᠥᠴᠢᠷ᠎ᠦᠨ ᠣᠨᠣᠪᠴᠢᠲᠠᠶ᠎ᠪᠠᠷ ᠬᠠᠤᠯᠢ ᠬᠡᠷᠡᠭ᠌ᠵᠢᠭᠦᠯᠬᠦ᠌᠎ᠳᠦ ᠱᠢᠨᠵᠢᠯᠡᠬᠦ᠌ ᠤᠬᠠᠭᠠᠨᠴᠢ
ᠦᠨᠳᠦᠰᠦᠯᠡᠯ ᠬᠠᠩᠭᠠᠨ᠂ ᠪᠥᠬᠥ᠌ ᠵᠢᠯ᠎ᠳᠦ ᠢᠳᠡᠭᠡᠨ᠎ᠦ ᠠᠮᠤᠷ ᠲᠦᠪᠱᠢᠨ᠎ᠦ ᠭᠡᠨᠡᠳᠲᠡ᠎ᠶ᠋ᠢᠨ ᠬᠡᠷᠡᠭ
ᠭᠠᠷᠤᠭ᠍ᠰᠠᠨ ᠥᠬᠡᠶ ᠪᠠᠢᠵᠥ᠂ ᠣᠯᠠᠨ ᠲᠦᠮᠡᠨ ᠤ᠋ ᠰᠠᠨᠠᠭ᠎ᠠ ᠠᠮᠤᠷ ᠬᠤᠳᠠᠯᠳᠤᠨ ᠠᠪᠴᠤ᠌ ᠰᠠᠨᠠᠭ᠎ᠠ ᠠᠮᠤᠷ
ᠢᠳᠡᠬᠦ᠌ ᠳ᠋ᠤ ᠪᠠᠳᠤᠯᠠᠭ᠎ᠠ ᠬᠠᠩᠭᠠᠪᠠ᠃
ᠠᠷᠠᠳ᠎ᠲᠤ
ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠲᠠᠰ ᠳᠡᠪᠱᠢᠭᠦᠯᠵᠦ᠍ ᠬᠠᠮᠲᠤ᠎ᠪᠠᠷ ᠵᠠᠰᠠᠬᠤ 《ᠰᠡᠳᠭᠢᠯ᠎ᠦᠨ ᠬᠤᠯᠪᠤᠭᠠᠰᠤ》 ᠵᠢ ᠪᠠᠢᠭᠤᠯᠪᠠ
《ᠲᠠ ᠬᠦᠷᠬᠡᠪᠡᠯ ᠪᠢ ᠪᠠᠢᠴᠠᠭᠠᠵᠥ ᠦᠭᠬᠦ》ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂
ᠲᠣᠮᠣ ᠬᠡᠯᠪᠡᠷᠢ᠎ᠶ᠋ᠢᠨ ᠲᠠᠷᠢᠶᠠᠯᠠᠩ᠎ᠤᠨ ᠳᠤᠰᠠᠯᠠᠬᠤ ᠠᠵᠥ ᠠᠬᠤᠢ ᠵᠢᠨ ᠪᠦᠳᠦᠬᠡᠭᠳᠡᠬᠦᠨ ᠤ᠋
ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠲᠦᠷᠭᠡᠨ ᠱᠢᠯᠭᠠᠨ ᠪᠠᠢᠴᠠᠭᠠᠬᠤ ᠴᠡᠭ ᠪᠠᠢᠭᠤᠯᠵᠤ᠂ ᠪᠥᠬᠥ᠌
ᠵᠢᠯ᠎ᠳᠦ ᠣᠯᠠᠨ ᠲᠦᠮᠡᠨ᠎ᠳᠦ 29
ᠪᠦᠯᠦᠭ ᠤᠳᠠᠭ᠎ᠠ᠎ᠶ᠋ᠢᠨ ᠰᠦᠶ᠋ᠳᠭᠡᠯ ᠬᠤᠷᠢᠶᠠᠬᠤ ᠥᠬᠡᠶ ᠱᠢᠯᠭᠠᠨ ᠪᠠᠢᠴᠠᠭᠠᠯᠲᠠ ᠬᠠᠩᠭᠠᠵᠤ᠂ 30 ᠮᠢᠨᠦ᠋ᠲ᠎ᠦᠨ ᠳᠣᠲᠣᠷ᠎ᠠ ᠱᠢᠯᠭᠠᠨ
ᠪᠠᠢᠴᠠᠭᠠᠭ᠍ᠰᠠᠨ ᠦᠷ᠎ᠡ ᠳ᠋ᠦᠩ᠎ᠢ ᠭᠠᠷᠭᠠᠵᠤ ᠦᠭᠴᠤ᠂ ᠣᠯᠠᠨ ᠲᠦᠮᠡᠨ᠎ᠦ 《ᠢᠳᠡᠭᠡᠨ᠎ᠦ ᠠᠮᠤᠷ ᠲᠦᠪᠱᠢᠨ᠎ᠦ ᠳᠤᠬᠠᠢ ᠠᠰᠠᠭᠤᠳᠠᠯ》 ᠢ᠋ ᠦᠨᠡᠨ ᠬᠦ᠌ ᠱᠢᠶ᠋ᠳᠪᠦᠷᠢᠯᠡᠵᠦ᠍ ᠦᠭᠪᠡ᠃ ᠡᠭᠦᠨ᠎ᠦ ᠬᠠᠮᠲᠤ᠂ ᠲᠠᠷᠢᠶᠠᠯᠠᠩ᠎ᠤᠨ
ᠳᠤᠰᠠᠯᠠᠬᠤ ᠠᠵᠥ ᠠᠬᠤᠢ ᠵᠢᠨ ᠪᠦᠲᠦᠭᠡᠭ᠌ᠳᠡᠬᠦᠨ᠎ᠦ ᠠᠷᠠᠯᠵᠢᠶᠠᠨ᠎ᠤ ᠵᠠᠬ᠎ᠠ ᠳᠡᠯᠭᠡᠭᠦᠷ᠂ ᠬᠡᠲᠦ ᠳᠡᠯᠭᠡᠭᠦᠷᠵᠡᠷᠬᠡ
ᠳ᠋ᠤ ᠲᠦᠷᠭᠡᠨ ᠪᠠᠢᠴᠠᠭᠠᠯᠲᠠ᠎ᠶ᠋ᠢᠨ ᠵᠠᠷᠯᠠᠨ ᠨᠡᠢᠲᠡᠯᠡᠬᠦ᠌ ᠪᠤᠯᠤᠩ ᠭᠠᠷᠭᠠᠵᠤ᠂ ᠱᠢᠯᠭᠠᠨ
ᠪᠠᠢᠴᠠᠭᠠᠭ᠍ᠰᠠᠨ ᠦᠷ᠎ᠡ ᠳ᠋ᠦᠩ᠎ᠢ ᠴᠠᠭ ᠲᠤᠬᠠᠶ᠎ᠳᠤᠨᠢ ᠡᠷᠭᠢᠯᠳᠦᠭᠦᠯᠦᠨ ᠦᠵᠡᠭᠦᠯᠵᠦ᠍᠂
ᠬᠡᠷᠡᠭ᠌ᠯᠡᠭ᠌ᠴᠢᠳ᠎ᠲᠦ ᠢᠳᠡᠭᠡᠨ᠎ᠦ ᠱᠢᠯᠭᠠᠨ ᠪᠠᠢᠴᠠᠭᠠᠯᠲᠠ᠎ᠶ᠋ᠢᠨ ᠪᠠᠢᠳᠠᠯ᠎ᠢ ᠱᠢᠭᠤᠳ ᠦᠢᠯᠠᠭᠠᠭᠤᠯᠪᠠ᠃

《ᠢᠳᠡᠭᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ》᠂ 《3·15 ᠬᠡᠷᠡᠭ᠌ᠯᠡᠭ᠌ᠴᠢᠳ᠎ᠦᠨ ᠡᠷᠬᠡ ᠠᠱᠢᠭ᠎ᠤᠨ ᠡᠳᠦᠷ》
ᠵᠡᠷᠭᠡ ᠠᠵᠢᠯᠯᠠᠭ᠎ᠠ᠎ᠲᠠᠶ ᠤᠶᠠᠯᠳᠤᠭᠤᠯᠤᠨ᠂ ᠱᠢᠨᠵᠢᠯᠡᠬᠦ᠌ ᠤᠬᠠᠭᠠᠨ᠎ᠢ
ᠲᠦᠭᠡᠮᠡᠯᠵᠢᠭᠦᠯᠬᠦ᠌ ᠤᠬᠠᠭᠤᠯᠭ᠎ᠠ᠎ᠶ᠋ᠢ 2 ᠤᠳᠠᠭ᠎ᠠ ᠥᠷᠨᠢᠭᠦᠯᠵᠦ᠍᠂ ᠲᠦᠷᠭᠡᠨ ᠪᠠᠢᠴᠠᠭᠠᠬᠤ ᠳᠡᠰ ᠳᠠᠷᠠᠭᠠᠯᠠᠯ᠎ᠢ ᠲᠤᠬᠠᠶ᠎ᠶ᠋ᠢᠨ
ᠭᠠᠵᠠᠷ᠎ᠲᠤᠨᠢ ᠳᠡᠯᠬᠡᠨ ᠦᠵᠡᠭᠦᠯᠵᠦ᠍᠂ ᠣᠯᠠᠨ ᠲᠦᠮᠡᠨ᠎ᠦ ᠮᠠᠳᠠᠭ᠎ᠲᠠᠶ ᠠᠰᠠᠭᠤᠳᠠᠯ᠎ᠳᠤ ᠬᠠᠷᠢᠭᠤᠯᠲᠠ
ᠥᠭ᠌ᠴᠦ᠂ ᠣᠯᠠᠨ ᠨᠡᠢᠲᠡ᠎ᠶ᠋ᠢᠨ ᠢᠳᠡᠭᠡᠨ᠎ᠦ ᠠᠮᠤᠷ ᠲᠦᠪᠱᠢᠨ᠎ᠦ ᠦᠵᠡᠯ ᠤᠬᠠᠮᠰᠠᠷ ᠪᠠ ᠥᠪᠡᠷ᠎ᠢ᠎ᠪᠡᠨ
ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ 《ᠰᠠᠯᠠᠭ᠎ᠠ
ᠮᠥᠴᠢᠷ ᠬᠢᠨᠠᠨ ᠬᠠᠮᠢᠶᠠᠷᠬᠤ᠂ ᠠᠵᠤ ᠠᠬᠤᠢᠯᠠᠯ ᠥᠪᠡᠷ᠎ᠢ᠎ᠪᠡᠨ ᠱᠠᠭᠠᠷᠳᠠᠬᠤ᠂ ᠣᠯᠠᠨ ᠲᠦᠮᠡᠨ ᠬᠢᠨᠠᠯᠳᠠ
ᠳ᠋ᠤ ᠣᠷᠣᠯᠴᠠᠬᠤ》 ᠬᠠᠮᠲᠤ᠎ᠪᠠᠷ ᠵᠠᠰᠠᠬᠤ ᠪᠠᠢᠷᠢᠱᠢᠯ᠎ᠢ ᠪᠣᠶ
ᠪᠣᠯᠭᠠᠬᠤ᠎ᠶ᠋ᠢ ᠠᠬᠢᠭᠤᠯᠪᠠ᠃
ᠳᠠᠷᠠᠭᠠᠴᠢ ᠪᠡᠷ᠂ ᠣᠲᠣᠭ᠎ᠤᠨ
ᠡᠮᠦᠨᠡᠲᠦ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ
ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠲᠥᠪ ᠤ᠋ᠨ ᠬᠢᠨ ᠣᠯᠠᠨ ᠲᠦᠮᠡᠨ᠎ᠦ ᠠᠩᠬᠠᠷᠴᠤ᠌ ᠪᠠᠢᠭ᠎ᠠ
ᠠᠰᠠᠭᠤᠳᠠᠯ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠤᠨᠴᠠᠯᠢᠭ᠍ᠳᠤ ᠲᠠᠷᠢᠶᠠᠯᠠᠩ᠎ᠤᠨ
ᠪᠦᠲᠦᠭᠡᠭ᠌ᠳᠡᠬᠦᠨ᠂ ᠰᠦᠯᠵᠢᠶ᠎ᠡ᠎ᠪᠡᠷ ᠬᠣᠭᠣᠯᠠ ᠵᠠᠬᠢᠶᠠᠯᠠᠬᠤ ᠵᠡᠷᠭᠡ ᠱᠢᠨ᠎ᠡ᠎ᠪᠡᠷ ᠬᠥᠭ᠌ᠵᠢᠭ᠌ᠰᠡᠨ
ᠬᠦᠷᠢᠶᠡᠨ᠎ᠦ ᠱᠢᠯᠭᠠᠨ ᠪᠠᠢᠴᠠᠭᠠᠯᠲᠠ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠂ ᠱᠢᠯᠭᠠᠨ
ᠪᠠᠢᠴᠠᠭᠠᠬᠤ ᠶᠠᠪᠤᠴᠠ᠎ᠶ᠋ᠢ ᠱᠢᠯᠢᠳᠡᠭ᠌ᠵᠢᠭᠦᠯᠵᠦ᠍᠂ ᠱᠢᠯᠭᠠᠨ ᠪᠠᠢᠴᠠᠭᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠨᠠᠩ ᠲᠤᠰᠭᠠᠢᠵᠢᠬᠰᠠᠨ ᠮᠡᠷᠭᠡᠵᠢᠯ᠂ ᠨᠠᠩ ᠱᠢᠯᠢᠳᠡᠭ ᠦᠶ᠋ᠯᠡᠴᠢᠯᠡᠭᠡ᠎ᠪᠡᠷ ᠪᠥᠬᠥ᠌ ᠬᠣᠱᠢᠭᠤᠨ᠎ᠤ
ᠢᠳᠡᠭᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠦᠷᠭᠦᠯᠵᠢᠯᠡᠨ ᠪᠡᠬᠢᠵᠢᠭᠦᠯᠵᠦ᠍᠂
ᠢᠳᠡᠭᠡᠨ᠎ᠦ ᠠᠮᠤᠷ ᠲᠦᠪᠱᠢᠨ᠎ᠦ ᠵᠢᠱ᠌ᠢᠶ᠎ᠡ ᠦᠵᠡᠭᠦᠯᠬᠦ᠌ ᠬᠣᠱᠢᠭᠤ᠎ᠶ᠋ᠢ ᠪᠥᠲᠥᠭᠡᠨ ᠪᠠᠢᠭᠤᠯᠬᠤ᠎ᠳᠤ ᠪᠠᠲᠤ
ᠪᠠᠬᠢ ᠮᠡᠷᠭᠡᠵᠢᠯ᠎ᠦᠨ ᠪᠠᠲᠤᠯᠠᠭ᠎ᠠ ᠬᠠᠩᠭᠠᠨ᠎ᠠ᠃