ᠦᠪᠦᠷ ᠮᠤᠩᠭᠤᠯ ᠣᠲᠣ᠌ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ ᠵᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠤ ᠪᠤᠢ
2025-12-04 11:23:45
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

 ᠤᠢᠷ᠎ᠠ ᠳ᠋ᠤ᠂  ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠲᠦᠷᠦᠭᠦᠦ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ 16 ᠤᠳᠤ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠴᠡᠭ᠎ᠦᠨ ᠲᠦᠷᠦᠯ ᠵᠦᠢᠯ᠎ᠢ ᠳ᠋ᠦᠩᠨᠡᠨ ᠰᠢᠯᠭᠠᠨ ᠠᠪᠬᠤ ᠠᠵᠢᠯ᠎ᠢ ᠪᠡᠶᠡᠯᠡᠬᠦᠯᠵᠦ᠂ ᠬᠣᠶᠠᠳᠤᠭᠠᠷ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ 13 ᠵᠢᠱ᠌ᠢᠶ᠎ᠡ ᠦᠵᠡᠭᠦᠯᠬᠦ ᠴᠢᠨᠠᠷᠲᠠᠢ ᠣᠨᠴᠠᠯᠢᠭ᠍ᠲᠤ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠴᠡᠭ᠎ᠲᠦ ᠳᠤᠮᠳᠠ ᠬᠤᠭᠤᠴᠠᠭᠠᠨ᠎ᠤ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢᠨ ᠦᠨᠡᠯᠡᠯᠲᠡ ᠬᠢᠵᠦ᠂ ᠤᠳᠤ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠳᠤ 《ᠰᠤᠳᠠᠯ ᠪᠠᠷᠢᠵᠤ》᠂ ᠵᠤᠷ ᠬᠠᠩᠭᠠᠪᠠ᠃

ᠲᠤᠰ ᠤᠳᠠᠭᠠᠨ᠎ᠤ ᠰᠢᠯᠭᠠᠨ ᠠᠪᠬᠤ ᠪᠠ ᠦᠨᠡᠯᠡᠬᠦ ᠠᠵᠢᠯ ᠰᠠᠷ᠎ᠠ ᠰᠢᠬᠠᠮ ᠶᠠᠪᠤᠭᠳᠠᠵᠤ᠂ ᠰᠦᠯᠵᠢᠶᠡᠨ ᠳᠡᠬᠡᠷᠡᠬᠢ ᠪᠠ ᠪᠤᠳᠠᠳᠤ ᠴᠤᠭᠴᠠ ᠵᠢ ᠬᠠᠷᠢᠯᠴᠠᠨ ᠤᠶᠠᠯᠳᠤᠭᠤᠯᠬᠤ ᠬᠡᠯᠪᠡᠷᠢ᠎ᠶᠢ ᠠᠪᠴᠤ᠂ ᠲᠥᠷᠥᠯ ᠵᠦᠢᠯ᠎ᠢ᠋ ᠳᠠᠭᠤᠰᠬᠠᠭᠰᠠᠨ ᠮᠡᠳᠡᠭᠦᠯᠦᠯᠲᠡ᠎ᠶᠢ ᠬᠢᠨᠠᠨ ᠤᠩᠰᠢᠬᠤ᠂ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠪᠡᠨ ᠬᠠᠷᠢᠭᠤ ᠮᠡᠳᠡᠭᠦᠯᠬᠦ᠂ ᠲᠤᠰᠬᠠᠢ ᠮᠡᠷᠭᠡᠵᠢᠯᠲᠡᠨ᠎ᠡᠴᠡ ᠲᠤᠯᠭᠠᠨ ᠠᠰᠠᠭᠤᠵᠤ ᠨᠤᠮ ᠬᠠᠶᠠᠯᠴᠠᠬᠤ ᠪᠠ ᠲᠤᠬᠠᠢ᠎ᠶᠢᠨ ᠭᠠᠵᠠᠷ ᠲᠤᠨᠢ ᠰᠤᠷᠪᠤᠯᠵᠢᠯᠠᠵᠤ ᠰᠢᠨᠵᠢᠯᠡᠨ ᠪᠠᠢᠴᠠᠭᠠᠬᠤ ᠵᠡᠷᠭᠡ ᠬᠡᠯᠪᠡᠷᠢ᠎ᠪᠡᠷ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠢᠶ᠎ᠠ ᠪᠦᠬᠦᠢ ᠣᠷᠣᠨ ᠪᠦᠰᠡ᠎ᠶᠢᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ ᠡᠯ᠎ᠡ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢᠨ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠂ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠬᠦ᠂ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ ᠵᠢ ᠴᠢᠩᠭᠠᠳᠬᠠᠬᠤ᠂ ᠥᠨᠳᠥᠷ ᠲᠦᠪᠰᠢᠨ᠎ᠪᠦᠬᠦᠢ ᠪᠠᠭ᠍ᠰᠢ᠎ᠶᠢᠨ ᠡᠩᠨᠡᠭᠡ᠎ᠶᠢ ᠵᠣᠬᠢᠶᠠᠨ ᠪᠠᠶ᠋ᠢᠭᠤᠯᠬᠤ ᠵᠡᠷᠭᠡ ᠲᠠᠯ᠎ᠠ᠎ᠪᠠᠷ ᠦᠨᠡᠯᠡᠯᠳᠡ ᠬᠢᠵᠦ᠂ ᠡᠯ᠎ᠡ ᠲᠥᠷᠥᠯ᠎ᠦᠨ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠲᠤᠷᠰᠢᠯᠭ᠎ᠠ ᠦᠷ᠎ᠡ ᠪᠦᠲᠦᠭᠡᠯ᠎ᠢ ᠰᠢᠰᠲᠧᠮ᠎ᠲᠠᠢ ᠡᠮᠬᠢᠯᠡᠨ ᠳ᠋ᠦᠩᠨᠡᠵᠦ᠂ ᠥᠪᠥᠷ ᠮᠣᠩᠭᠣᠯ᠎ᠤᠨ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢ ᠠᠬᠢᠭᠤᠯᠬᠤ᠂ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠬᠦ᠎ᠳᠦ ᠤᠯᠠᠮ ᠨᠢᠭᠡ ᠠᠯᠬᠤᠮ ᠲᠣᠳᠣᠷᠬᠠᠢ ᠴᠢᠭᠯᠡᠯ᠎ᠢ ᠵᠢᠭᠠᠵᠤ ᠥᠭᠴᠡᠢ᠃

ᠣᠢᠷ᠎ᠠ᠎ᠶᠢᠨ ᠵᠢᠯ᠎ᠤ᠋ᠳ ᠲᠤ᠌ ᠰᠤᠷᠭᠠᠨ ᠬᠥᠮᠦᠵᠢᠯ᠎ᠦᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠳᠡᠭᠡᠳᠦ ᠰᠤᠷᠭᠠᠭᠤᠯᠢ ᠬᠢᠭᠡᠳ ᠠᠵᠤ ᠠᠬᠤᠢᠯᠠᠯ᠎ᠤᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ᠎ᠶᠢ ᠢᠳᠡᠪᠬᠢᠲᠡᠢ᠎ᠪᠡᠷ ᠬᠥᠲᠥᠯᠥᠨ ᠵᠢᠯᠤᠭᠣᠳᠴᠤ᠂ ᠣᠲᠣ᠌ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ᠎ᠦᠨ ᠣᠨᠴᠠᠯᠢᠭ᠍ᠲᠤ ᠳᠡᠭᠡᠳᠦ ᠰᠤᠷᠭᠠᠭᠤᠯᠢ ᠵᠢᠴᠢ ᠵᠠᠬᠢᠶᠠᠯᠠᠭ᠎ᠠ᠎ᠶᠢᠨ ᠠᠩᠭᠢ ᠵᠡᠷᠭᠡ᠎ᠶᠢ ᠬᠠᠮᠲᠤ ᠪᠠᠷ ᠪᠠᠢᠭᠤᠯᠵᠤ᠂ ᠠᠵᠢᠯ ᠲᠥᠷᠥᠯ  ᠠᠵᠤ ᠠᠬᠤᠢᠯᠠᠯ᠎ᠤᠨ ᠬᠢᠨ᠎ᠤ ᠴᠢᠳᠠᠪᠤᠷᠢᠲᠠᠨ ᠬᠥᠮᠥᠵᠢᠭᠦᠯᠬᠦ ᠪᠥᠬᠥ ᠶᠠᠪᠤᠴᠠ᠎ᠳᠤ ᠭᠦᠨᠵᠡᠭᠡᠢ ᠣᠷᠣᠯᠴᠠᠬᠤ᠎ᠶᠢ ᠠᠬᠢᠭᠤᠯᠵᠤ᠂ ᠬᠢᠴᠢᠶᠡᠯ ᠨᠡᠭᠡᠭᠡᠬᠦ᠂ ᠵᠢᠭᠠᠬᠤ ᠮᠠᠲᠧᠷᠢᠶᠠᠯ᠎ᠤᠨ ᠡᠬᠢ ᠪᠠᠶᠠᠯᠢᠭ᠋᠎ᠤᠨ ᠪᠠᠢᠭᠤᠯᠤᠯᠲᠠ ᠬᠢᠭᠡᠳ ᠴᠢᠳᠠᠪᠤᠷᠢᠲᠠᠨ ᠬᠥᠮᠥᠵᠢᠭᠦᠯᠬᠦ ᠲᠥᠰᠥᠯ᠎ᠳᠦ ᠵᠠᠰᠠᠪᠤᠷᠢ ᠣᠷᠣᠭᠤᠯᠬᠤ ᠵᠡᠷᠭᠡ᠎ᠲᠠᠯ᠎ᠠ ᠪᠡᠷ ᠬᠠᠮᠵᠢᠯᠴᠠᠨ᠂ ᠴᠢᠳᠠᠪᠤᠷᠢᠲᠠᠨ᠎ᠤ ᠬᠠᠩᠭᠠᠯᠭ᠎ᠠ ᠬᠢᠭᠡᠳ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠬᠢᠷᠠᠯᠴᠠᠬᠤ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2021 ᠣᠨ  ᠠ᠋ᠴᠠ ᠡᠬᠢᠯᠡᠨ ᠰᠤᠷᠭᠠᠨ ᠬᠥᠮᠦᠵᠢᠯ᠎ᠦᠨ ᠲᠢᠩᠬᠢᠮ᠎ᠡᠴᠡ ᠣᠷᠣᠨ᠎ᠤ ᠳᠣᠲᠣᠷᠠᠬᠢ ᠵᠢᠩᠬᠢᠨᠢ ᠠᠩᠭᠢ᠎ᠶᠢᠨ ᠳᠡᠭᠡᠳᠦ ᠰᠤᠷᠭᠠᠭᠤᠯᠢ᠎ᠶᠢ ᠵᠢᠭᠠᠨ ᠵᠢᠯᠤᠭᠣᠳᠴᠤ ᠪᠠᠢᠭᠠᠳ ᠤᠯᠤᠰ᠎ᠤᠨ ᠲᠠᠰ᠎ᠤᠨ ᠣᠲᠣ᠌ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠣᠨᠴᠠᠯᠢᠭ᠍ᠲᠤ ᠳᠡᠭᠡᠳᠦ ᠰᠤᠷᠭᠠᠭᠤᠯᠢ᠎ᠶᠢ 31᠂ ᠰᠤᠷᠭᠠᠭᠤᠯᠢ᠎ᠶᠢᠨ ᠲᠠᠰ᠎ᠤᠨ ᠣᠲᠣ᠌ ᠦᠶ᠎ᠡ᠎ᠶᠢᠨ ᠠᠵᠤ  ᠦᠢᠯᠡᠰ᠎ᠦᠨ ᠳᠡᠭᠡᠳᠦ ᠰᠤᠷᠭᠠᠭᠤᠯᠢ ᠵᠢᠴᠢ ᠣᠨᠴᠠᠯᠢᠭ᠍ᠲᠤ ᠳᠡᠭᠡᠳᠦ ᠰᠤᠷᠭᠠᠭᠤᠯᠢ᠎ᠶᠢ 600 ᠭᠠᠷᠤᠢ ᠪᠠᠢᠭᠤᠯᠵᠤ᠂ ᠬᠥᠮᠥᠨ ᠬᠥᠮᠥᠵᠢᠭᠦᠯᠬᠦ ᠲᠠᠪᠴᠠᠩ᠎ᠤᠨ ᠰᠢᠰᠲᠧᠮ᠎ᠢ᠋ ᠲᠠᠰᠤᠷᠠᠯᠲᠠ ᠦᠭᠡᠢ ᠲᠡᠭᠦᠯᠳᠡᠷᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号