ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠬᠣᠶᠠᠳᠤᠭᠠᠷ ᠬᠤᠭᠤᠴᠠᠭᠠᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠶᠠᠷᠢᠶᠠᠨ᠎ᠤ ᠲᠠᠪᠴᠠᠩ ᠡᠷᠭᠢᠯᠡᠪᠡ
2025-12-04 11:26:56
ᠵᠣᠬᠢᠶᠠᠭ᠍ᠴᠢ᠄
​ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠬᠥᠬᠡᠬᠣᠲᠠ᠎ᠳᠤ ᠬᠣᠶᠠᠳᠤᠭᠠᠷ ᠬᠤᠭᠤᠴᠠᠭᠠᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠶᠠᠷᠢᠶᠠᠨ᠎ᠤ ᠲᠠᠪᠴᠠᠩ ᠡᠷᠭᠢᠯᠡᠪᠡ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠬᠠᠷᠢᠭᠤᠴᠠᠯᠭᠠᠲᠠᠨ᠂ ᠨᠠᠮ᠎ᠤᠨ ᠭᠠᠳᠠᠨᠠᠬᠢ ᠰᠡᠬᠡᠭᠡᠲᠡᠨ᠎ᠦ ᠲᠥᠯᠥᠭᠡᠯᠡᠭ᠌ᠴᠢ ᠵᠢᠴᠢ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠤ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢ 500 ᠭᠠᠷᠤᠢ ᠬᠥᠮᠦᠰ ᠶᠠᠷᠢᠶᠠᠨ᠎ᠤ ᠲᠠᠪᠴᠠᠩ᠎ᠳᠤ ᠣᠷᠣᠯᠴᠠᠵᠠᠶ᠃

ᠲᠤᠰ ᠤᠳᠠᠭᠠᠨ᠎ᠤ ᠶᠠᠷᠢᠶᠠᠨ᠎ᠤ ᠲᠠᠪᠴᠠᠩ ᠨᠢ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠬᠢᠯᠢ ᠬᠢᠵᠠᠭᠠᠷ᠎ᠤᠨ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠶ᠎ᠠ 》  ᠪᠡᠷ ᠭᠣᠣᠯ ᠰᠡᠳᠦᠪ ᠪᠤᠯᠭᠠᠵᠤ᠂ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠭᠤᠷᠢᠨ᠎ᠤ ᠲᠤᠰᠭᠠᠢ ᠮᠡᠷᠭᠡᠵᠢᠯᠲᠡᠨ ᠸᠠᠩ ᠶᠠᠨ ᠵᠦᠩ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠵᠠᠩ ᠱ᠌ᠢ ᠷᠦᠩ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠫᠷᠤᠹᠧᠰᠰᠤᠷ ᠦ᠋ ᠴᠦ ᠺᠸ ᠵᠡᠷᠭᠡ ᠵᠢᠷᠭᠤᠭᠠᠨ ᠲᠤᠰᠭᠠᠢ ᠮᠡᠷᠭᠡᠵᠢᠯᠲᠡᠨ᠎ᠢ ᠤᠷᠢᠵᠤ᠂ ᠲᠤᠰᠬᠠᠢ ᠮᠡᠷᠭᠡᠵᠢᠯᠳᠡᠳ ᠡᠴᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠶ᠎ᠠ》 ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠪᠣᠯᠤᠨ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠵᠡᠷᠭᠡ᠎ᠪᠡᠷ ᠪᠠᠢᠭᠤᠯᠬᠤ ᠲᠤᠬᠠᠢ ᠦᠬᠦᠯᠡᠬᠦ ᠨᠢ 》 ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠭᠣᠣᠯ ᠵᠤᠷᠢᠯᠳᠠᠳᠤ ᠮᠡᠳᠡᠭᠦᠯᠦᠯᠲᠡ ᠬᠢᠯᠪᠡ᠃

ᠡᠷᠳᠡᠮ ᠱᠢᠨᠵᠢᠯᠡᠭᠡᠨ᠎ᠦ ᠶᠠᠷᠢᠯᠴᠠᠭ᠎ᠠ ᠵᠢᠨ ᠭᠣᠭ᠍ᠴᠣᠭ᠎ᠠ᠎ᠳᠤ ᠬᠤᠷᠠᠯ᠎ᠳᠤ ᠣᠷᠣᠯᠴᠠᠭ᠍ᠰᠠᠳ  ᠡᠴᠡ ᠰᠤᠷᠭᠠᠭᠤᠯᠢ  ᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ ᠳ᠋ᠤ ᠬᠦᠷᠴᠤ ᠲᠤᠭᠤᠷᠢᠨ ᠪᠠᠢᠴᠠᠭᠠᠵᠤ᠂ ᠱᠢᠨᠵᠢᠯᠡᠭᠡᠨ᠎ᠦ ᠰᠠᠯᠠᠭ᠎ᠠ ᠵᠢᠨ ᠬᠥᠭ᠌ᠵᠢᠯᠲᠡ᠂ ᠤᠨᠤᠯ᠎ᠤᠨ ᠲᠠᠢᠯᠪᠤᠷᠢᠯᠠᠯᠲᠠ᠂ ᠰᠤᠷᠭᠠᠨ ᠬᠥᠮᠦᠵᠢᠯ᠎ᠦᠨ ᠠᠵᠢᠯ᠎ᠢ ᠥᠷᠨᠢᠭᠦᠯᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠭ᠍ᠰᠠᠨ ᠪᠥᠭᠡᠳ ᠦᠢᠯᠡᠳᠦᠯᠭᠡ᠎ᠶ᠋ᠢᠨ ᠵᠢᠯᠤᠭᠤᠳᠤᠯᠭ᠎ᠠ ᠥᠭ᠌ᠪᠡ᠃ ᠡᠬᠦᠨ᠎ᠤ ᠬᠠᠮᠳᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠰᠤᠳᠤᠯᠭᠠᠨ᠎ᠤ ᠰᠠᠭᠤᠷᠢᠨ᠎ᠤ 9 ᠪᠠᠭ᠍ᠰᠢ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠤᠨᠤᠯ ᠪᠣᠯᠤᠨ ᠦᠢᠯᠡᠳᠦᠯᠭᠡ᠎ᠶ᠋ᠢᠨ ᠰᠤᠳᠤᠯᠭᠠᠨ᠎ᠢ ᠪᠠᠲᠤ ᠴᠣᠭ᠍ᠴᠠᠯᠠᠬᠤ ᠨᠢ》᠂ 《ᠬᠢᠯᠢ ᠬᠢᠵᠠᠭᠠᠷ᠎ᠤᠨ ᠵᠠᠰᠠᠯᠲᠠ᠎ᠶ᠋ᠢᠨ ᠣᠳᠣᠬᠢᠴᠢᠯᠠᠯᠲᠠ ᠪᠣᠯᠤᠨ ᠳᠤᠮᠳᠠᠳᠤ ᠤᠯᠤᠰ᠎ᠤᠨ ᠣᠳᠣᠬᠢᠴᠢᠯᠠᠯᠲᠠ᠎ᠶ᠋ᠢᠨ ᠰᠤᠳᠤᠯᠭᠠᠨ》 ᠭᠡᠬᠦ᠌ ᠰᠡᠳᠦᠪ᠎ᠢᠶᠡᠷ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠲᠥᠯᠥᠭᠡᠯᠡᠭ᠌ᠴᠢ᠎ᠲᠡᠶ ᠡᠷᠳᠡᠮ ᠱᠢᠨᠵᠢᠯᠡᠭᠡᠨ᠎ᠦ ᠰᠣᠯᠢᠯᠴᠠᠭ᠎ᠠ ᠬᠢᠪᠡ᠃

ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠲᠠᠷᠠᠭᠠᠴᠢ᠎ᠶ᠋ᠢᠨ ᠠᠯᠬᠤᠮ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠵᠢᠭ᠍ᠰᠠᠭᠠᠯ ᠎ᠤᠨ ᠭᠠᠵᠠᠷ᠎ᠤᠨ ᠦᠶ᠋ᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠲᠧᠭ᠌ᠨᠢᠭ ᠎ᠦᠨ ᠤᠬᠠᠭᠠᠨ᠎ᠤ ᠣᠨᠴᠠᠯᠢᠭ᠎ᠲᠤ ᠲᠦᠱᠢᠭ᠌ᠯᠡᠨ᠂ ᠳᠠᠪᠠᠭᠤᠯᠢᠭ ᠡᠬᠢ ᠪᠠᠶᠠᠯᠢᠭ ᠎ᠢ ᠠᠭᠤᠳᠠᠯᠵᠤ᠂ ᠵᠣᠬᠢᠶᠠᠨ ᠪᠠᠢᠭᠤᠯᠤᠯᠲᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠴᠢᠩᠭᠠᠳᠭᠠᠨ᠂ ᠦᠷ᠎ᠡ ᠪᠦᠲᠦᠭᠡᠯ᠎ᠢ ᠤᠯᠠᠷᠢᠭᠤᠯᠬᠤ᠎ᠶ᠋ᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号