ᠸᠠᠩ ᠸᠧᠢ ᠵᠦᠩ ᠪᠦᠦ ᠭᠠᠩ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠳᠤ ᠬᠦᠷᠴᠦ᠍ ᠠᠵᠢᠯ ᠵᠤᠯᠭᠠᠭᠤᠯᠪᠠ
2025-12-04 09:17:58
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠡᠭᠡᠵᠢᠩ᠎ᠳᠦ ᠬᠦᠷᠴᠦ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠵᠧᠩ ᠱᠠᠨ ᠵᠢᠶᠧ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠰᠠᠢᠳ ᠯᠢᠦ ᠸᠧᠶ᠂ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠶ᠋ᠢᠨ ᠳᠠᠷᠤᠭ᠎ᠠ ᠸᠠᠩ ᠬᠣᠩ ᡁᠢ᠎ᠲᠡᠶ ᠲᠣᠰ ᠲᠣᠰ ᠪᠠᠷᠠᠳᠠᠨ ᠠᠭᠤᠯᠵᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶ᠋ᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠬᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ ᠵᠢᠨ ᠲᠣᠭᠣᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠵᠦᠶ᠋ᠯᠡᠰ᠎ᠦᠨ ᠲᠤᠬᠠᠶ ᠨᠡᠪᠳᠡᠷᠡᠯᠴᠡᠨ ᠵᠣᠯᠭᠠᠭᠤᠯᠪᠠ᠃

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠶ᠋ᠢᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠬᠠᠪᠰᠤᠷᠤᠯᠭ᠎ᠠ ᠳᠡᠮᠵᠢᠯᠭᠡ ᠦᠵᠡᠭᠦᠯᠦᠭ᠌ᠰᠡᠨ᠎ᠳᠤ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠵᠢᠯ᠎ᠢ ᠢᠮᠠᠭ᠍ᠲᠠ ᠮᠠᠰᠢ ᠬᠠᠯᠠᠮᠵᠢᠯᠠᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ ᠴᠢᠬᠤᠯᠠ ᠵᠢᠭᠠᠪᠤᠷᠢ ᠦᠭᠴᠤ᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠵᠠᠢ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠤᠷᠠᠯᠳᠤᠭᠤᠯᠤᠭ᠍ᠰᠠᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠎ᠶ᠋ᠢ ᠬᠢᠨᠠᠨ ᠵᠥᠪᠯᠡᠵᠦ᠍ ᠪᠠᠲᠤᠯᠠᠪᠠ᠂ ᠣᠷᠣᠨ ᠳᠠᠶᠠᠭᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠢ᠋ ᠪᠠᠢᠭᠤᠯᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭ᠌ᠵᠢᠭᠦᠯᠬᠦ ᠵᠢ ᠲᠦᠷᠭᠡᠳᠭᠡᠨ ᠠᠬᠢᠭᠤᠯᠬᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ ᠢ᠋ ᠪᠠᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠳᠠ ᠵᠢ ᠱᠢᠯᠢᠳᠡᠭ᠌ᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠬᠤ ᠵᠡᠷᠭᠡ ᠠᠵᠢᠯ ᠢ᠋ ᠯᠠᠪᠳᠠᠭᠤᠨ ᠪᠠᠳᠤᠳᠠᠢ ᠰᠠᠢᠳᠤᠷ ᠬᠢᠵᠤ ᠪᠠᠢᠨ᠎ᠠ᠃ ᠤᠯᠤᠰ᠎ᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠦᠨ ᠪᠠᠢᠷᠢᠱᠢᠭᠤᠯᠬᠤ᠂ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠦᠨ ᠳᠤᠲᠠᠭᠤᠳᠠᠯ᠎ᠢ ᠨᠥᠬᠥᠪᠥᠷᠢᠯᠡᠬᠦ᠌᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠵᠡᠷᠭᠡ ᠲᠠᠯ᠎ᠠ᠎ᠪᠠᠷ ᠨᠠᠩ ᠶᠡᠬᠡ ᠳᠡᠮᠵᠢᠯᠭᠡ ᠦᠵᠡᠭᠦᠯᠵᠦ᠍᠂ ᠥᠪᠥᠷ ᠮᠣᠩᠭᠣᠯ᠎ᠢ ᠬᠠᠪᠰᠤᠷᠤᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠦᠶ᠋ᠯᠡᠴᠢᠯᠡᠨ ᠪᠠᠲᠤᠯᠠᠬᠤ ᠳᠤᠮᠳᠠ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃

ᠪᠦᠦ ᠭᠠᠩ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠢᠨ ᠡᠬᠢ ᠪᠠᠶᠠᠯᠢᠭ ᠵᠡᠷᠭᠡ ᠬᠦᠷᠢᠶᠡᠨ᠎ᠦ ᠬᠠᠮᠢᠶ᠎ᠠ ᠪᠦᠬᠦᠢ ᠴᠢᠬᠤᠯᠠ ᠶᠡᠬᠡ ᠠᠵᠢᠯ ᠪᠠ ᠵᠦᠢᠯᠡᠰ᠎ᠢ ᠲᠠᠨᠢᠯᠴᠠᠭᠤᠯᠪᠠ᠃

ᠤᠯᠤᠰ᠎ᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠤ᠋ᠨ ᠬᠢᠨ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠦ᠍᠂ ᠳᠤᠷᠠᠳᠤᠭ᠍ᠰᠠᠨ ᠳᠡᠮᠵᠢᠯᠬᠡ ᠬᠦᠰᠡᠭᠰᠡᠨ ᠵᠦᠢᠯᠡᠰ᠎ᠲᠦ ᠢᠳᠡᠪᠬᠢᠲᠡᠢ ᠬᠠᠷᠢᠭᠤᠯᠲᠠ ᠥᠭ᠌ᠪᠡ᠃

ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠤᠳᠤᠷᠢᠳᠤᠯᠭ᠎ᠠ᠂ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠬᠡ ᠶᠤᠮ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠤ᠋ᠨ ᠬᠢᠨ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠥᠪᠥᠷ ᠮᠣᠩᠭᠣᠯ᠎ᠤᠨ ᠪᠣᠳᠠᠲᠤ ᠪᠠᠢᠳᠠᠯ ᠳ᠋ᠠᠭᠠᠨ ᠰᠠᠭᠤᠷᠢᠯᠠᠵᠤ᠂ ᠣᠨᠴᠠᠯᠢᠭ᠎ᠢᠶᠠᠨ ᠲᠤᠪᠤᠢ᠌ᠯᠭᠠᠨ᠂ ᠬᠠᠷᠢᠴᠠᠩᠭᠤᠢ ᠳᠠᠪᠠᠭᠤᠯᠢᠭ᠎ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ ᠵᠢ ᠳᠡᠮᠵᠢᠨ᠎ᠠ ᠭᠡᠵᠦ᠍ ᠢᠯᠡᠳᠭᠡᠪᠡ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠤᠳᠤᠷᠢᠳᠤᠯᠭ᠎ᠠ᠂ ᠥᠪᠥᠷ ᠮᠣᠩᠭᠣᠯ᠎ᠤᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠬᠦ᠌᠂ ᠲᠣᠭᠠᠴᠢᠯᠠᠯᠳᠠ ᠲᠡᠢᠰᠢ ᠲᠠᠰ ᠳᠡᠪᠱᠢᠭᠦᠯᠬᠦ᠌᠂ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠵᠡᠷᠭᠡ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ ᠵᠢᠨ ᠴᠡᠭ ᠢ᠋ ᠭᠦᠨᠵᠡᠭᠡᠶ ᠰᠦᠪᠡᠭ᠌ᠴᠢᠯᠡᠵᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠲᠦᠭ᠌ᠰᠢᠭᠦᠷᠢ᠎ᠶ᠋ᠢᠨ ᠬᠡᠮ ᠰᠤᠭᠤᠭ᠎ᠢ ᠵᠢᠭᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠵᠢ ᠰᠠᠢᠲᠤᠷ ᠠᠳᠭᠤᠬᠤ ᠵᠢ ᠢᠳᠡᠪᠬᠢᠳᠠᠢ ᠳᠡᠮᠵᠢᠵᠤ᠂ ᠬᠠᠮᠲᠤ᠎ᠪᠠᠷ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠣᠳᠠᠲᠠᠶ ᠳ᠋ᠤ ᠨᠠᠢᠳᠠᠪᠤᠷᠢᠵᠢᠭᠤᠯᠤᠨ᠎ᠠ ᠭᠡᠵᠦ ᠢᠯᠡᠳᠭᠡᠪᠡ᠃ ᠤᠯᠤᠰ᠎ᠤᠨ ᠡᠨᠧᠷᠭᠢ᠎ᠶ᠋ᠢᠨ ᠲᠣᠪᠴᠢᠶᠠᠨ᠎ᠤ ᠤᠳᠤᠷᠢᠳᠤᠯᠭ᠎ᠠ᠂ ᠥᠪᠥᠷ ᠮᠣᠩᠭᠣᠯ᠎ᠤᠨ ᠬᠢᠨ᠎ᠤ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠬᠦ᠌᠎ᠶ᠋ᠢ ᠦᠷᠭᠦᠯᠵᠢᠯᠡᠨ ᠳᠡᠮᠵᠢᠵᠦ᠍᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠤᠯᠠᠮᠵᠢᠯᠠᠯᠲᠤ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠪᠠ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌ ᠠᠵᠢᠯ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠡᠨᠧᠷᠭᠢ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠤᠳᠤᠷᠢᠳᠤᠯᠭ᠎ᠠ ᠯᠢ ᠴᠦᠨ ᠯᠢᠨ᠂ ᠶᠤᠸᠠᠨ ᠳ᠋ᠠ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠤᠳᠤᠷᠢᠳᠤᠯᠭ᠎ᠠ ᠱᠢᠤᠢ ᠴᠧᠩ ᠭᠤᠸᠠᠩ᠂ ᠤᠯᠤᠰ᠎ᠤᠨ ᠡᠨᠧᠷᠭᠢ᠎ᠶ᠋ᠢᠨ ᠲᠣᠪᠴᠢᠢ᠎ᠠ᠎ᠶ᠋ᠢᠨ ᠤᠳᠤᠷᠢᠳᠤᠯᠭ᠎ᠠ ᠰᠦᠩ ᠬᠣᠩ ᠺᠦᠨ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号