ᠬᠦᠦᠳ᠋ᠠᠭᠤᠯᠠ ᠰᠤᠷᠤᠯᠭ᠎ᠠ ᠡᠬᠢᠯᠡᠬᠦ ᠶᠠᠷᠢᠶ᠎ᠠ ᠲᠠᠯᠪᠢᠵᠠᠢ
11 ᠰᠠᠷ᠎ᠠ ᠵᠢᠨ 30 ᠤ᠋ ᠡᠳᠦᠷ᠂ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠡᠵᠡᠩᠨᠡᠯᠳᠡ ᠵᠢᠨ ᠠᠵᠤ ᠠᠬᠤᠢ ᠵᠢᠨ ᠲᠦᠯᠦᠬᠡᠯᠡᠭᠴᠢ ᠬᠦᠮᠦᠰ ᠤ᠋ᠨ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠲᠦᠷᠪᠡᠳᠦᠬᠡᠷ ᠪᠦᠬᠦᠳᠡ ᠬᠤᠷᠠᠯ ᠤ᠋ᠨ ᠵᠤᠷᠢᠬ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠤᠯᠪᠠᠰᠤᠷᠠᠯ ᠤ᠋ᠨ ᠠᠩᠬᠢ ᠲᠦᠪ ᠤ᠋ᠨ ᠨᠡᠢᠬᠡᠮ ᠵᠢᠷᠤᠮ ᠤ᠋ᠨ ᠲᠡᠭᠡᠳᠦ ᠰᠤᠷᠭᠠᠭᠤᠯᠢ ᠳ᠋ᠸ᠋ ᠰᠤᠷᠤᠯᠭ᠎ᠠ ᠡᠬᠢᠯᠡᠪᠡ᠃
ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠪᠠᠢᠩᠭᠤ ᠵᠢᠨ ᠬᠡᠰᠢᠬᠦᠨ᠂ ᠨᠢᠬᠡᠳᠦᠮᠡᠯ ᠹᠷᠤᠨᠲ ᠤ᠋ᠨ ᠬᠡᠯᠳᠡᠰ ᠤ᠋ᠨ ᠲᠠᠷᠤᠭ᠎ᠠ ᠬᠦᠦᠳ᠋ᠠᠭᠤᠯᠠ ᠰᠤᠷᠤᠯᠭ᠎ᠠ ᠡᠬᠢᠯᠡᠬᠦ ᠶᠤᠰᠤᠯᠠᠯ ᠳ᠋ᠸ᠋ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠠᠢ᠃ ᠬᠦᠦᠳ᠋ᠠᠭᠤᠯᠠ᠂ ᠦᠷᠬᠡᠨ ᠤᠯᠠᠨ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯᠳᠠᠳ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠲᠦᠷᠪᠡᠳᠦᠬᠡᠷ ᠪᠦᠬᠦᠳᠡ ᠬᠤᠷᠠᠯ ᠪᠠ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠠᠷᠪᠠᠨ ᠨᠢᠬᠡᠳᠦᠬᠡᠷ ᠬᠤᠭᠤᠴᠠᠭᠠᠨ ᠤ᠋ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ ᠤ᠋ᠨ ᠵᠤᠷᠢᠬ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ 《ᠬᠤᠶᠠᠷ ᠢ ᠲᠤᠬᠳᠠᠭᠠᠬᠰᠠᠨ》 ᠢ᠋ ᠡᠷᠡᠰ ᠬᠦᠷᠢᠶᠡᠯᠡᠨ᠂ 《ᠬᠤᠶᠠᠷ ᠢ ᠬᠠᠮᠠᠭᠠᠯᠠᠬᠤ》 ᠵᠢ ᠡᠷᠡᠰ ᠪᠡᠶᠡᠯᠡᠬᠦᠯᠬᠦ ᠲᠡᠭᠡᠷ᠎ᠡ ᠤᠯᠤᠰ ᠲᠦᠷᠦ ᠵᠢ ᠡᠷᠬᠢᠮᠯᠡᠵᠦ᠂ ᠬᠡᠪ ᠲᠠᠭᠤᠷᠢᠶᠠᠯ ᠦᠵᠡᠬᠦᠯᠬᠦ ᠬᠡᠷᠡᠭᠳᠡᠢ; ᠰᠢ ᠵᠢᠨ ᠫᠢᠩ ᠤ᠋ᠨ ᠰᠢᠨ᠎ᠡ ᠴᠠᠬ ᠦᠶ᠎ᠡ ᠵᠢᠨ ᠲᠤᠮᠳᠠᠳᠤ ᠤᠯᠤᠰ ᠤ᠋ᠨ ᠤᠨᠴᠠᠯᠢᠬ ᠪᠦᠬᠦᠢ ᠨᠡᠢᠬᠡᠮ ᠵᠢᠷᠤᠮ ᠤ᠋ᠨ ᠦᠵᠡᠯ ᠰᠠᠨᠠᠭ᠎ᠠ ᠪᠡᠷ ᠰᠡᠳᠬᠢᠯ ᠰᠠᠨᠠᠭ᠎ᠠ ᠪᠡᠨ ᠨᠢᠬᠳᠠᠷᠠᠭᠤᠯᠤᠨ ᠰᠦᠭ ᠰᠦᠨᠡᠰᠦ ᠵᠢ ᠱᠤᠭᠤᠬᠤ ᠵᠢ ᠭᠤᠢᠪᠢᠰᠢ ᠦᠬᠡᠢ ᠪᠠᠷᠢᠮᠳᠠᠯᠠᠨ᠂ ᠬᠦᠭᠵᠢᠯᠳᠡ ᠵᠢᠨ ᠲᠤᠬᠳᠠᠯ ᠬᠦᠴᠦᠨᠢ ᠪᠠᠳᠤᠯᠠᠬᠤ᠂ ᠵᠠᠪᠠᠯ ᠢᠯᠠᠬᠤ ᠢᠳᠡᠬᠡᠯ ᠵᠤᠷᠢᠬᠢ ᠪᠠᠳᠤᠳᠬᠠᠬᠤ ᠳ᠋ᠸ᠋ ᠡᠷᠳᠡᠮ ᠴᠢᠳᠠᠯ ᠵᠢᠡᠨ ᠭᠠᠢᠬᠠᠭᠤᠯᠵᠤ᠂ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠳᠡᠢ; ᠶᠡᠷᠦᠩᠬᠡᠢ ᠱᠦᠵᠢ ᠰᠢ ᠵᠢᠨ ᠫᠢᠩ ᠤ᠋ᠨ ᠦᠷᠬᠡᠨ ᠤᠯᠠᠨ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯ ᠪᠠ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯᠳᠠᠳᠲᠦ ᠲᠠᠯᠪᠢᠬᠰᠠᠨ ᠴᠠᠬ ᠦᠶ᠎ᠡ ᠵᠢᠨ ᠬᠦᠨᠳᠦ ᠡᠬᠦᠷᠬᠡ ᠵᠢ ᠵᠤᠷᠢᠬᠳᠠᠢ ᠡᠬᠦᠷᠬᠡᠯᠡᠬᠦ ᠡᠷᠬᠢᠮ ᠨᠠᠨᠳᠢᠨ ᠬᠦᠰᠡᠯ ᠨᠠᠢᠳᠠᠯᠭ᠎ᠠ ᠵᠢ ᠬᠦᠨᠵᠡᠬᠡᠢ ᠤᠢᠯᠠᠭᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠬᠡ ᠪᠡᠬᠢᠯᠡᠯᠳᠡ》 ᠵᠢ ᠪᠦᠳᠦᠬᠡᠨ ᠪᠠᠢᠭᠤᠯᠵᠤ᠂ ᠵᠢᠱ᠌ᠢᠶᠡᠴᠢ ᠦᠪᠡᠷᠳᠡᠬᠡᠨ ᠵᠠᠰᠠᠬᠤ ᠤᠷᠤᠨ ᠢ ᠪᠦᠬᠦ ᠲᠠᠯ᠎ᠠ ᠪᠡᠷ ᠪᠦᠳᠦᠬᠡᠨ ᠪᠠᠢᠭᠤᠯᠬᠤ ᠳ᠋ᠸ᠋ ᠵᠤᠷᠢᠬᠳᠠᠢ ᠪᠡᠷ ᠡᠬᠦᠷᠬᠡ ᠬᠠᠷᠢᠭᠤᠴᠠᠯᠭ᠎ᠠ ᠡᠬᠦᠷᠬᠡᠯᠡᠨ᠂ ᠬᠤᠪᠢ ᠨᠡᠮᠡᠷᠢ ᠦᠵᠡᠬᠦᠯᠬᠦ ᠵᠢ ᠬᠦᠰᠡᠵᠦ ᠪᠠᠢᠨ᠎ᠠ ᠬᠡᠵᠦ ᠵᠢᠭᠠᠵᠦ ᠭᠠᠷᠭᠠᠪᠠ᠃
ᠦᠪᠦᠷ ᠮᠤᠩᠭᠤᠯ ᠤ᠋ᠨ ᠠᠷᠠᠳ ᠤ᠋ᠨ ᠡᠵᠡᠩᠨᠡᠯᠳᠡ ᠵᠢᠨ ᠠᠵᠤ ᠠᠬᠤᠢ ᠵᠢᠨ ᠲᠦᠯᠦᠬᠡᠯᠡᠭᠴᠢ ᠬᠦᠮᠦᠰ ᠵᠠᠭᠤ ᠰᠢᠬᠠᠮ ᠬᠦᠮᠦᠨ ᠪᠤᠯᠪᠠᠰᠤᠷᠠᠯ ᠳ᠋ᠸ᠋ ᠤᠷᠤᠯᠴᠠᠵᠠᠢ᠃