2 ᠤ᠋ᠨ ᠡᠳᠦᠷ ᠶᠠᠪᠤᠭ᠍ᠳᠠᠭ᠍ᠰᠠᠨ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠠᠷᠠᠯᠵᠢᠶᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠬᠢᠨᠠᠨ ᠵᠥᠪᠯᠡᠬᠦ᠌ ᠪᠠᠢᠭᠤᠯᠤᠮᠵᠢ᠎ᠶ᠋ᠢᠨ ᠠᠯᠪᠠᠨ ᠶᠣᠰᠣᠨ᠎ᠤ ᠬᠤᠷᠠᠯ ᠳᠡᠭᠡᠷ᠎ᠡ᠂ ᠳᠤᠮᠳᠠᠳᠤ᠎ᠶ᠋ᠢᠨ ᠲᠠᠯ᠎ᠠ᠎ᠶ᠋ᠢᠨ ᠬᠢᠨ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠱᠢᠨ᠎ᠡ᠎ᠪᠡᠷ ᠨᠡᠢᠲᠡᠯᠡᠭ᠌ᠰᠡᠨ ᠪᠦᠷᠢᠯᠳᠦᠬᠦᠨ ᠤᠯᠤᠰ᠎ᠤᠨ ᠠᠷᠠᠯᠵᠢᠶᠠᠨ᠎ᠤ ᠠᠷᠭ᠎ᠠ ᠬᠡᠮᠵᠢᠶ᠎ᠡ᠎ᠳᠦ ᠬᠢᠨᠠᠯᠲᠠ ᠲᠠᠯᠪᠢᠬᠤ ᠮᠡᠳᠡᠭᠦᠯᠦᠯᠲᠡ᠎ᠶ᠋ᠢᠨ ᠲᠤᠬᠠᠢ ᠵᠣᠭ᠍ᠰᠣᠯᠲᠠ᠎ᠪᠠᠨ ᠢᠯᠡᠳᠭᠡᠵᠦ᠍᠂ ᠪᠦᠷᠢᠯᠳᠦᠬᠦᠨ ᠤᠯᠤᠰ᠎ᠤᠨ ᠬᠢᠨ ᠠᠷᠠᠯᠵᠢᠶᠠᠨ᠎ᠤ ᠠᠷᠭ᠎ᠠ ᠬᠡᠮᠵᠢᠶ᠎ᠡ᠎ᠶ᠋ᠢ ᠵᠠᠷᠯᠠᠨ ᠮᠡᠳᠡᠭ᠌ᠳᠡᠬᠦ᠌ ᠡᠭᠦᠷᠭᠡ᠎ᠪᠡᠨ ᠭᠦᠢᠴᠡᠳᠭᠡᠵᠦ᠍᠂ ᠠᠷᠠᠯᠵᠢᠶᠠᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠢᠯᠡ ᠲᠣᠳᠣ᠎ᠶ᠋ᠢᠨ ᠬᠡᠮᠵᠢᠶ᠎ᠡ᠎ᠪᠡᠨ ᠴᠢᠩᠭᠠᠳᠭᠠᠵᠤ᠂ ᠤᠯᠠᠨ ᠲᠠᠯᠠᠲᠤ ᠠᠷᠠᠯᠵᠢᠶᠠᠨ᠎ᠤ ᠱᠢᠰᠲᠸᠮ᠎ᠤᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠬᠠᠮᠠᠭᠠᠯᠠᠬᠤ᠎ᠶ᠋ᠢ ᠤᠷᠢᠶᠠᠯᠠᠪᠠ᠃
ᠳᠤᠮᠳᠠᠳᠤ᠎ᠶ᠋ᠢᠨ ᠲᠠᠯ᠎ᠠ᠎ᠶ᠋ᠢᠨ ᠬᠢᠨ᠂ ᠣᠳᠣᠬᠠᠨ᠎ᠳᠤ ᠳᠡᠯᠡᠬᠡᠢ᠎ᠶ᠋ᠢᠨ ᠠᠵᠤ ᠠᠬᠤᠢ᠎ᠶ᠋ᠢᠨ ᠲᠣᠭ᠍ᠲᠠᠪᠤᠷᠢ ᠦᠭᠡᠢ ᠴᠢᠨᠠᠷ ᠱᠢᠷᠦᠭᠦᠰᠴᠦ᠍᠂ ᠭᠠᠭ᠍ᠴᠠ ᠲᠠᠯᠠᠲᠤ ᠦᠵᠡᠯ ᠪᠣᠯᠤᠨ ᠬᠠᠮᠠᠭᠠᠯᠠᠬᠤ ᠦᠵᠡᠯ ᠵᠠᠢ ᠠᠪᠴᠤ᠂ ᠪᠣᠭᠣᠮᠲᠠ᠎ᠶ᠋ᠢᠨ ᠥᠨᠳᠥᠷ ᠭᠠᠢᠯᠢ ᠵᠡᠷᠭᠡ ᠠᠷᠠᠯᠵᠢᠶᠠᠨ᠎ᠤ ᠪᠡᠬᠢᠯᠡᠯᠲᠡ ᠢᠯᠡᠳᠲᠡ ᠨᠡᠮᠡᠭ᠌ᠳᠡᠵᠦ᠍᠂ ᠪᠦᠬᠦ᠌ ᠪᠥᠮᠪᠥᠷᠴᠡᠭ᠎ᠦᠨ ᠠᠷᠠᠯᠵᠢᠶᠠᠨ᠎ᠤ ᠡᠮᠬᠢ ᠳᠢᠭ᠌ᠯᠢᠮ᠎ᠳᠦ ᠬᠦᠨᠳᠦ ᠨᠣᠴᠢᠲᠠᠢ ᠥᠷᠢᠰᠥᠯᠳᠦᠭᠡᠨ ᠤᠴᠠᠷᠠᠭᠤᠯᠵᠤ ᠪᠠᠢᠨ᠎ᠠ᠃ ᠡᠨᠡᠬᠦ᠌ ᠠᠬᠤᠶ ᠪᠠᠢᠳᠠᠯ ᠳᠤᠤᠷ᠎ᠠ᠂ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠨᠡᠢᠲᠡᠯᠡᠭ᠌ᠰᠡᠨ ᠠᠷᠠᠯᠵᠢᠶᠠᠨ᠎ᠤ ᠠᠷᠭ᠎ᠠ ᠬᠡᠮᠵᠢᠶ᠎ᠡ᠎ᠳᠦ ᠬᠢᠨᠠᠯᠲᠠ ᠲᠠᠯᠪᠢᠬᠤ ᠮᠡᠳᠡᠭᠦᠯᠦᠯᠲᠡ᠎ᠨᠢ ᠴᠢᠬᠤᠯᠠ ᠠᠴᠢ ᠬᠣᠯᠪᠣᠭ᠍ᠳᠠᠯ᠎ᠲᠠᠶ ᠪᠠᠢᠵᠤ᠂ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠬᠤᠪᠢᠷᠠᠯᠲᠠ ᠪᠣᠯᠤᠨ ᠨᠥᠯᠥᠭᠡ᠎ᠶ᠋ᠢᠨ ᠵᠠᠳᠠᠯᠤᠯᠲᠠ᠎ᠶ᠋ᠢ ᠬᠢᠨᠠᠨ ᠬᠡᠮᠵᠢᠬᠦ᠌᠎ᠳᠦ ᠴᠢᠬᠤᠯᠠ ᠮᠡᠳᠡᠭᠡ ᠵᠠᠩᠭᠢ ᠬᠠᠩᠭᠠᠵᠤ᠂ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠢᠯᠡ ᠲᠣᠳᠣ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠪᠦᠷᠢᠯᠳᠦᠬᠦᠨ᠎ᠦ ᠣᠯᠠᠨ ᠲᠠᠯᠠᠲᠤ ᠠᠷᠠᠯᠵᠢᠶᠠᠨ᠎ᠤ ᠱᠢᠰᠲ᠋ᠧᠮ᠎ᠦᠨ ᠲᠤᠬᠠᠶ ᠢᠲᠡᠭᠡᠯ ᠢ ᠨᠡᠮᠡᠭ᠌ᠳᠡᠭᠦᠯᠬᠦ᠌᠎ᠳᠦ ᠠᠱᠢᠭ᠍ᠲᠠᠶ ᠶᠤᠮ ᠭᠡᠵᠦ ᠢᠯᠡᠳᠭᠡᠪᠡ᠃
ᠳᠤᠮᠳᠠᠳᠤ᠎ᠶ᠋ᠢᠨ ᠲᠠᠯ᠎ᠠ᠎ᠶ᠋ᠢᠨ ᠬᠢᠨ᠂ ᠠᠮᠧᠷᠢᠺᠠ ᠤᠯᠠᠨ ᠤᠯᠤᠰ᠎ᠤᠨ ᠠᠷᠠᠯᠵᠢᠶ᠎ᠠ᠎ᠳᠤ ᠴᠢᠬᠤᠯᠠ ᠨᠥᠯᠥᠭᠡ ᠦᠵᠡᠭᠦᠯᠦᠭ᠌ᠰᠡᠨ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠲᠡᠭᠦᠨ᠎ᠦ ᠠᠷᠠᠯᠵᠢᠶ᠎ᠠ ᠵᠢᠴᠢ ᠬᠣᠯᠪᠣᠭ᠍ᠳᠠᠯ ᠪᠦᠬᠦᠢ ᠠᠷᠭ᠎ᠠ ᠬᠡᠮᠵᠢᠶ᠎ᠡ ᠪᠠᠨ ᠴᠠᠭ ᠲᠤᠬᠠᠢᠳᠤᠨᠢ ᠮᠡᠳᠡᠭ᠌ᠳᠡᠭ᠌ᠰᠡᠨ ᠦᠭᠡᠢ᠂ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ᠎ᠶ᠋ᠢᠨ ᠪᠦᠲᠦᠮᠵᠢᠲᠡᠢ ᠠᠵᠢᠯᠯᠠᠭᠠᠨ᠎ᠳᠤ ᠠᠱᠢᠭ ᠦᠭᠡᠢ ᠨᠥᠯᠥᠭᠡ ᠦᠵᠡᠭᠦᠯᠦᠭ᠌ᠰᠡᠨ ᠪᠠᠢᠨ᠎ᠠ᠃ ᠪᠦᠷᠢᠯᠳᠦᠬᠦᠨᠨᠦᠭᠦᠳ ᠢᠯᠠ ᠲᠣᠳᠣ᠎ᠶ᠋ᠢᠨ ᠬᠡᠮᠵᠢᠶᠡᠨ᠎ᠦ ᠡᠭᠦᠷᠭᠡ᠎ᠪᠡᠨ ᠢᠳᠡᠪᠬᠢᠲᠡᠢ ᠭᠦᠢᠴᠡᠳᠭᠡᠵᠦ᠍᠂ ᠣᠳᠣᠬᠠᠨ᠎ᠤ ᠠᠷᠠᠯᠵᠢᠶᠠᠨ᠎ᠤ ᠲᠣᠭ᠍ᠲᠠᠭᠤᠨ ᠪᠤᠰᠤ ᠪᠠᠢᠳᠠᠯ᠎ᠤᠨ ᠳᠣᠣᠷ᠎ᠠ᠂ ᠰᠠᠨᠠᠭᠠᠴᠢᠯᠠᠭ᠎ᠠ᠎ᠠᠴᠠ᠎ᠪᠠᠨ᠂ ᠴᠠᠭ ᠲᠤᠬᠠᠢᠳᠤᠨᠢ ᠱᠢᠨ᠎ᠡ ᠠᠷᠠᠯᠵᠢᠶᠠᠨ᠎ᠤ ᠠᠷᠭ᠎ᠠ ᠬᠡᠮᠵᠢᠶ᠎ᠡ᠎ᠪᠡᠨ ᠮᠡᠳᠡᠭ᠌ᠳᠡᠵᠦ᠍᠂ ᠢᠯᠠᠩᠭᠤᠶ᠎ᠠ ᠪᠣᠭᠣᠮᠲᠠ᠎ᠶ᠋ᠢᠨ ᠭᠠᠢᠯᠢ᠎ᠶ᠋ᠢᠨ ᠬᠤᠪᠢᠷᠠᠯᠲᠠ᠎ᠶ᠋ᠢᠨ ᠲᠤᠬᠢᠷᠠᠭᠤᠯᠤᠯᠳᠠ᠎ᠳᠤ ᠬᠣᠯᠪᠣᠭ᠍ᠳᠠᠪᠠᠯ᠂ ᠬᠠᠤᠯᠢ ᠴᠠᠭᠠᠵᠠ᠎ᠶ᠋ᠢᠨ ᠬᠢᠵᠠᠭᠠᠷᠯᠠᠬᠤ ᠬᠦᠴᠦᠨ ᠪᠠᠢᠬᠤ ᠡᠰᠡᠬᠦ᠌ ᠭᠡᠰᠡᠨ ᠦᠭᠡᠢ ᠴᠥᠮ ᠬᠢᠨᠠᠨ ᠬᠡᠮᠵᠢᠬᠦ᠌ ᠪᠠ ᠵᠠᠷᠯᠠᠨ ᠮᠡᠳᠡᠭ᠌ᠳᠡᠬᠦ᠌ ᠬᠡᠪᠴᠢᠶᠡᠨ᠎ᠳᠦ ᠣᠷᠣᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠠᠷᠠᠯᠵᠢᠶᠠᠨ ᠤ ᠠᠷᠭ᠎ᠠ ᠬᠡᠮᠵᠢᠶ᠎ᠡ ᠳᠦ ᠬᠢᠨᠠᠯᠲᠠ ᠲᠠᠯᠪᠢᠬᠤ ᠮᠡᠳᠡᠭᠦᠯᠦᠯᠲᠡ᠎ᠶ᠋ᠢ ᠪᠠᠰᠠ 《ᠤᠯᠠᠨ ᠤᠯᠤᠰ᠎ᠤᠨ ᠠᠷᠠᠯᠵᠢᠶᠠᠨ᠎ᠤ ᠣᠷᠴᠢᠨ ᠨᠥᠬᠥᠴᠡᠯ᠎ᠦᠨ ᠬᠥᠭ᠌ᠵᠢᠯᠲᠡ᠎ᠶ᠋ᠢᠨ ᠲᠣᠢᠮᠣ ᠪᠠᠢᠳᠠᠯ》 ᠭᠡᠳᠡᠭ᠂ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠡᠴᠡ ᠵᠢᠯ ᠪᠦᠷᠢ ᠨᠢᠭᠡ ᠬᠤᠭᠤᠴᠠᠭ᠎ᠠ ᠨᠡᠢᠲᠡᠯᠡᠳᠡᠭ᠃
ᠢᠷᠡᠯᠲᠡ᠄ ᠰᠢᠨᠬᠤᠸᠠ ᠬᠤᠷᠢᠶ᠎ᠠ