ᠳᠣᠷᠣᠨᠠᠲᠤ᠎ᠶ᠋ᠢᠨ ᠠᠭᠠᠷ᠎ᠤᠨ ᠠᠶᠠᠯᠠᠯ᠎ᠤᠨ ᠺᠣᠮᠫᠠᠨᠢ᠎ᠶ᠋ᠢᠨ ᠤᠯᠤᠰ᠎ᠲᠠᠭᠠᠨ ᠦᠶ᠋ᠯᠡᠳᠪᠦᠷᠢᠯᠡᠭ᠌ᠰᠡᠨ C 919 ᠨᠢᠰᠭᠡᠯ ᠠᠩᠬ᠎ᠠ ᠤᠳᠠᠭ᠎ᠠ ᠯᠠᠨᠵᠧᠤ᠎ᠶ᠋ᠢᠨ ᠵᠥᠩ ᠴᠤᠸᠠᠨ ᠣᠯᠠᠨ ᠤᠯᠤᠰ᠎ᠤᠨ ᠨᠢᠰᠭᠡᠯ᠎ᠦᠨ ᠪᠠᠭᠤᠳᠠᠯ ᠳ᠋ᠤ ᠠᠶᠠᠯᠠᠯ ᠨᠡᠪᠲᠡᠷᠡᠪᠡ
2025-12-04 10:59:06
ᠵᠣᠬᠢᠶᠠᠭ᠍ᠴᠢ᠄
ᠡᠷᠳᠡᠨᠢᠪᠤᠯᠠᠭ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 1 ᠤ᠋ ᠡᠳᠦᠷ᠎ᠦᠨ 11 ᠴᠠᠭ᠎ᠤᠨ ᠦᠶ᠎ᠡ᠎ᠪᠡᠷ᠂ ᠳᠣᠷᠣᠨᠠᠲᠤ᠎ᠶ᠋ᠢᠨ ᠠᠭᠠᠷ᠎ᠤᠨ ᠠᠶᠠᠯᠠᠯ᠎ᠤᠨ MU 9179 ᠡᠭᠡᠯᠵᠢ᠎ᠶ᠋ᠢᠨ ᠨᠢᠰᠭᠡᠯ ᠯᠠᠨᠵᠧᠤ᠎ᠶ᠋ᠢᠨ ᠵᠥᠩ ᠴᠤᠸᠠᠨ ᠣᠯᠠᠨ ᠤᠯᠤᠰ᠎ᠤᠨ ᠨᠢᠰᠭᠡᠯ᠎ᠦᠨ ᠪᠠᠭᠤᠳᠠᠯ᠎ᠳᠤ ᠪᠠᠭᠤᠪᠠ᠃ ᠳᠣᠷᠣᠨᠠᠲᠤ᠎ᠶ᠋ᠢᠨ ᠠᠭᠠᠷ᠎ᠤᠨ ᠠᠶᠠᠯᠠᠯ᠎ᠤᠨ ᠺᠣᠮᠫᠠᠨᠢ᠎ᠶ᠋ᠢᠨ ᠲᠠᠨᠢᠯᠴᠠᠭᠤᠯᠤᠭ᠍ᠰᠠ᠎ᠢᠶᠠᠷ᠂ ᠡᠨᠡ ᠪᠣᠯ ᠤᠯᠤᠰ ᠎ᠲᠠᠭᠠᠨ ᠦᠢᠯᠡᠳᠪᠦᠷᠢᠯᠡᠭ᠌ᠰᠡᠨ ᠲᠣᠮᠣ ᠨᠢᠰᠭᠡᠯ C 919 ᠠᠩᠬ᠎ᠠ ᠤᠳᠠᠭ᠎ᠠ ᠱᠠᠩᠬᠠᠶ᠎ᠡᠴᠡ ᠯᠠᠨᠵᠧᠦ ᠬᠦᠷᠬᠦ᠌ ᠲᠣᠭ᠍ᠲᠠᠮᠠᠯ ᠬᠤᠭᠤᠴᠠᠭᠠᠲᠤ ᠬᠤᠳᠠᠯᠳᠤᠭᠠᠨ ᠎ᠤ ᠡᠭᠡᠯᠵᠢ᠎ᠶ᠋ᠢᠨ ᠨᠢᠰᠭᠡᠯ ᠪᠣᠯᠤᠨ᠎ᠠ᠂ ᠬᠣᠢᠱᠢᠳᠠ ᠡᠳᠦᠷ ᠪᠦᠷᠢ ᠨᠢᠭᠡ ᠡᠭᠡᠯᠵᠢ ᠢᠷᠡᠵᠦ᠍ ᠪᠤᠴᠠᠬᠤ ᠪᠣᠯᠤᠨ᠎ᠠ᠃ 

ᠳᠣᠷᠣᠨᠠᠲᠤ ᠎ᠶ᠋ᠢᠨ ᠠᠭᠠᠷ ᠎ᠤᠨ ᠠᠶᠠᠯᠠᠯ ᠎ᠤᠨ ᠺᠣᠮᠫᠠᠨᠢ᠎ᠶ᠋ᠢᠨ ᠬᠤᠯᠪᠤᠬᠳᠠᠯ ᠪᠥᠬᠥᠶ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠂ C 919 ᠠᠶᠠᠯᠠᠯ᠎ᠤᠨ ᠲᠤᠤᠷ᠎ᠢ ᠪᠠᠷᠠᠭᠤᠨ ᠬᠣᠢᠲᠤ ᠣᠷᠣᠨ᠎ᠤ ᠴᠢᠬᠤᠯᠠ ᠬᠦᠶ᠋ᠰᠦ ᠪᠣᠯᠬᠤ ᠯᠠᠨᠵᠧᠸ᠋ ᠬᠦᠷᠲᠡᠯ᠎ᠡ ᠤᠯᠠᠮ ᠨᠢᠭᠡ ᠠᠯᠬᠤᠮ ᠤᠷᠲᠤᠳᠭᠠᠬᠤ ᠨᠢ ᠤᠯᠤᠰ ᠎ᠲᠠᠭᠠᠨ ᠦᠶ᠋ᠯᠡᠳᠪᠦᠷᠢᠯᠡᠭ᠌ᠰᠡᠨ ᠲᠣᠮᠣ ᠨᠢᠰᠭᠡᠯ᠎ᠦᠨ ᠨᠠᠩ ᠪᠦᠷᠢᠨ ᠪᠦᠲᠦᠨ ᠡᠵᠡᠩᠨᠡᠯᠲᠡ᠎ᠶ᠋ᠢᠨ ᠲᠤᠤᠷ ᠎ᠢ ᠪᠠᠢᠭᠤᠯᠬᠤ᠎ᠳᠤ ᠠᠱᠢᠭ᠍ᠲᠠᠶ᠎ᠪᠦᠭᠡᠳ ᠪᠠᠰᠠ C 919 ᠎ᠳ᠋ᠤ ᠨᠢᠰᠦᠯᠲᠡ ᠎ᠶ᠋ᠢᠨ ᠲᠣᠭ᠎ᠠ ᠪᠠᠷᠢᠮᠲᠠ ᠎ᠶ᠋ᠢ ᠤᠯᠠᠮ ᠨᠢᠭᠡ ᠠᠯᠬᠤᠮ ᠬᠤᠷᠠᠮᠳᠤᠭᠤᠯᠵᠤ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠲᠣᠮᠣ ᠨᠢᠰᠭᠡᠯ ᠎ᠦᠨ ᠴᠢᠳᠠᠪᠬᠢ ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠬᠦ ᠪᠣᠯᠤᠨ᠎ᠠ᠃ 

ᠲᠠᠨᠢᠯᠴᠠᠭᠤᠯᠤᠭ᠍ᠰᠠᠨ᠎ᠢᠶᠠᠷ᠂ ᠣᠳᠣᠬᠠᠨ᠎ᠳᠤ ᠳᠣᠷᠣᠨᠠᠲᠤ᠎ᠶ᠋ᠢᠨ ᠠᠭᠠᠷ᠎ᠤᠨ ᠠᠶᠠᠯᠠᠯ᠎ᠤᠨ ᠺᠣᠮᠫᠠᠨᠢ ᠨᠡᠢᠲᠡ 13 ᠰᠠᠭᠤᠷᠢ C 919 ᠨᠢᠰᠭᠡᠯ᠎ᠢ ᠡᠵᠡᠩᠨᠡᠵᠦ᠍᠂ ᠱᠠᠩᠬᠠᠶ᠂ ᠪᠡᠭᠡᠵᠢᠩ᠂ ᠱᠢᠶᠠᠩᠭᠠᠩ᠂ ᠴᠧᠩᠳᠦ᠋᠂ ᠰᠢ ᠠᠨ᠂ ᠯᠠᠨᠵᠧᠸ᠋ ᠵᠡᠷᠭᠡ 13 ᠬᠣᠲᠠ᠎ᠶ᠋ᠢᠨ 15 ᠠᠭᠠᠷ᠎ᠤᠨ ᠠᠶᠠᠯᠠᠯ᠎ᠤᠨ ᠱᠤᠭᠤᠮ ᠳᠡᠭᠡᠷ᠎ᠡ ᠨᠢᠰᠴᠦ᠍᠂ 《ᠵᠡᠭᠦᠨᠰᠢ ᠪᠠᠷᠠᠭᠤᠨᠰᠢ ᠨᠡᠪᠳᠡᠷᠡᠵᠤ᠂ ᠡᠮᠦᠨᠡᠲᠦ ᠤᠮᠠᠷᠠᠲᠤ ᠎ᠶ᠋ᠢ ᠬᠣᠯᠪᠣᠭ᠍ᠰᠠᠨ》ᠬᠤᠳᠠᠯᠳᠤᠭᠠᠨ ᠎ᠤ ᠡᠵᠡᠩᠨᠡᠯᠲᠡ ᠎ᠶ᠋ᠢᠨ ᠪᠠᠢᠷᠢᠱᠢᠯ ᠎ᠢ ᠪᠦᠷᠢᠯᠳᠦᠭᠦᠯᠵᠡᠶ᠃

ᠢᠷᠠᠯᠳᠠ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号