ᠥᠪᠥᠷ ᠮᠣᠩᠭᠣᠯ ᠤ᠋ᠨ ᠴᠠᠬᠢᠯᠭᠠᠨ ᠲᠤᠤᠷ ᠤ᠋ᠨ ᠴᠠᠬᠢᠯᠭᠠᠨ ᠭᠠᠷᠭᠠᠬᠤ ᠪᠠ ᠬᠦᠯᠢᠶᠠᠨ ᠠᠪᠬᠤ ᠳᠠᠭᠠᠭᠠᠴᠠ ᠪᠥᠬᠥ᠌ ᠤᠯᠤᠰ ᠤ᠋ᠨ ᠡᠮᠦᠨ᠎ᠡ ᠡᠩᠨᠡᠭᠡᠨ᠎ᠳᠦ ᠵᠢᠭᠰᠠᠪᠠ
2025-12-04 11:20:46
ᠵᠣᠬᠢᠶᠠᠭ᠍ᠴᠢ᠄
​ᠤᠷᠭᠤᠮᠠᠯ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠥᠪᠥᠷ ᠮᠣᠩᠭᠣᠯ ᠤ᠋ᠨ ᠴᠠᠬᠢᠯᠭᠠᠨ ᠲᠤᠤᠷ ᠤ᠋ᠨ ᠴᠠᠬᠢᠯᠭᠠᠨ ᠭᠠᠷᠭᠠᠬᠤ ᠪᠠ ᠬᠦᠯᠢᠶᠡᠨ ᠠᠪᠬᠤ ᠬᠠᠮᠤᠭ ᠤ᠋ᠨ ᠶᠡᠬᠡ ᠳᠠᠭᠠᠭᠠᠴᠠ 5000 ᠲᠦᠮᠡᠨ ᠺᠢᠯᠦᠸᠠᠲ ᠤ᠋ᠨ ᠪᠣᠭᠣᠮᠲᠠ ᠵᠢ ᠳᠠᠪᠠᠨ᠂ 5097 ᠲᠦᠮᠡᠨ ᠺᠢᠯᠦᠸᠠᠲ ᠲᠣ᠌ ᠬᠦᠷᠴᠦ᠂ ᠴᠠᠬᠢᠯᠭᠠᠨ ᠭᠠᠷᠭᠠᠬᠤ ᠪᠠ ᠬᠦᠯᠢᠶᠡᠨ ᠠᠪᠬᠤ ᠳᠠᠭᠠᠭᠠᠴᠠ ᠵᠢᠨ ᠬᠡᠪᠴᠢᠶ᠎ᠡ ᠪᠥᠬᠥ᠌ ᠤᠯᠤᠰ ᠤ᠋ᠨ ᠮᠤᠵᠢ ᠵᠢᠨ ᠱᠠᠲᠤᠨ᠎ᠤ ᠴᠠᠬᠢᠯᠭᠠᠨ ᠲᠤᠤᠷ ᠤ᠋ᠨ ᠡᠮᠦᠨ᠎ᠡ ᠡᠩᠨᠡᠭᠡᠨ᠎ᠳᠦ ᠵᠢᠬᠰᠠᠪᠠ᠃

ᠤᠢᠯᠠᠭᠠᠭᠰᠠᠨ ᠵᠢᠡᠷ᠂ ᠡᠨᠡ ᠵᠢᠯ᠎ᠡᠴᠡ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ᠎ᠤᠨ ᠬᠢᠨ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠠᠪᠴᠤ᠌ ᠴᠠᠬᠢᠯᠭᠠᠨ ᠬᠠᠩᠭᠠᠬᠤ ᠴᠢᠳᠠᠪᠤᠷᠢ ᠪᠡᠨ ᠪᠠᠲᠤᠯᠠᠵᠤ᠂ ᠨᠡᠭᠦᠷᠡᠰᠦ ᠴᠠᠬᠢᠯᠭᠠᠨ᠎ᠤ ᠮᠠᠱᠢᠨ ᠴᠣᠭ᠍ᠴᠠᠯᠠᠪᠤᠷᠢ ᠬᠢᠭᠡᠳ ᠴᠠᠬᠢᠯᠭᠠᠨ ᠬᠦᠷᠭᠡᠬᠦ᠌ ᠬᠦᠴᠦᠳᠡᠯ ᠦᠭᠡᠷᠡᠴᠢᠯᠡᠬᠦ ᠲᠥᠬᠥᠭᠡᠷᠦᠮᠵᠢ ᠵᠢᠨ ᠴᠠᠬᠢᠯᠭᠠᠨ ᠵᠣᠭ᠍ᠰᠣᠬᠤ ᠵᠢ ᠪᠠᠢᠴᠠᠭᠠᠨ ᠵᠠᠰᠠᠬᠤ ᠲᠥᠯᠥᠪᠯᠡᠭᠡ ᠵᠢ ᠵᠦᠶ ᠵᠣᠬᠢᠰᠲᠠᠶ ᠲᠣᠭ᠍ᠲᠠᠭᠠᠵᠤ᠂ ᠴᠠᠬᠢᠯᠭᠠᠨ ᠲᠤᠤᠷ ᠤ᠋ᠨ ᠲᠥᠬᠥᠭᠡᠷᠦᠮᠵᠢ ᠵᠢ ᠪᠠᠢᠴᠠᠭᠠᠨ ᠵᠠᠰᠠᠬᠤ᠎ᠠᠴᠠ ᠪᠣᠯᠤᠭ᠍ᠰᠠᠨ ᠴᠠᠬᠢᠯᠭᠠᠨ ᠬᠠᠩᠭᠠᠯᠭ᠎ᠠ ᠵᠢᠨ ᠨᠦᠯᠦᠭᠡ ᠵᠢ ᠪᠠᠭᠠᠰᠭᠠᠵᠠᠢ;ᠴᠠᠬᠢᠯᠭᠠᠨ ᠭᠡᠷᠡᠭᠯᠡᠭᠡ ᠵᠢᠨ ᠬᠦᠨᠳᠡᠢ ᠵᠢᠨ ᠦᠶ᠎ᠡ ᠵᠢ ᠠᠰᠢᠬᠯᠠᠵᠦ ᠮᠠᠱᠢᠨ ᠴᠣᠭ᠍ᠴᠠᠯᠠᠪᠤᠷᠢ ᠵᠢᠨ ᠳᠤᠳᠠᠭᠤᠳᠠᠯ ᠢ᠋ ᠨᠢ ᠠᠷᠢᠯᠭᠠᠨ᠂  ᠴᠠᠬᠢᠯᠭᠠᠨ ᠭᠡᠷᠡᠭᠯᠡᠭᠡ ᠵᠢᠨ ᠣᠷᠭᠢᠯ ᠤ᠋ᠨ ᠦᠶ᠎ᠡ᠎ᠳᠡᠬᠢ ᠴᠠᠬᠢᠯᠭᠠᠨ ᠭᠠᠷᠭᠠᠬᠤ ᠴᠢᠳᠠᠪᠤᠷᠢ ᠵᠢ᠎ᠲᠤᠭᠳᠠᠪᠤᠷᠢᠳᠠᠢ ᠪᠠᠢᠯᠭᠠᠬᠤ ᠵᠢ ᠦᠨᠡᠨ ᠬᠦ᠌ ᠪᠠᠲᠤᠯᠠᠪᠠ᠃ ᠡᠷᠭᠢᠯᠳᠠᠳᠦ ᠮᠠᠶᠢᠭ ᠤ᠋ᠨ ᠴᠠᠬᠢᠯᠭᠠᠨ ᠬᠦᠴᠦᠨ ᠤ᠋ ᠲᠡᠩᠴᠡᠭᠦᠷᠢ ᠵᠢ ᠬᠡᠮᠵᠢᠨ ᠪᠣᠳᠣᠬᠤ ᠲᠣᠭ᠍ᠲᠠᠴᠠ ᠵᠢ ᠪᠠᠢᠭᠤᠯᠵᠤ᠂ ᠴᠠᠬᠢᠯᠭᠠᠨ ᠬᠦᠴᠦᠨ ᠤ᠋ ᠬᠠᠩᠭᠠᠯᠭ᠎ᠠ ᠬᠡᠷᠡᠭ᠌ᠴᠡᠭᠡ ᠵᠢᠨ ᠪᠠᠢᠳᠠᠯ ᠢ᠋ ᠴᠠᠭ ᠲᠤᠬᠠᠶ ᠳ᠋ᠤᠨᠢ ᠰᠤᠳᠤᠯᠤᠨ ᠮᠠᠭᠠᠳᠯᠠᠵᠤ᠂ ᠮᠤᠵᠢ ᠵᠢᠨ ᠬᠣᠭᠣᠷᠣᠨᠳᠣᠬᠢ ᠴᠠᠬᠢᠯᠭᠠᠨ ᠬᠤᠳᠠᠯᠳᠤᠨ ᠠᠪᠬᠤ᠂ ᠪᠠᠴᠢᠮ ᠪᠠᠢᠳᠠᠯ ᠢ᠋ ᠠᠷᠭᠠᠴᠠᠭᠠᠬᠤ ᠲᠣᠬᠢᠷᠠᠭᠤᠯᠭ᠎ᠠ ᠪᠡᠷ ᠳᠠᠮᠵᠢᠨ ᠴᠠᠬᠢᠯᠭᠠᠨ ᠬᠦᠴᠦᠨ ᠤ᠋ ᠳᠤᠲᠠᠭᠤᠳᠠᠯ ᠢ᠋ ᠠᠷᠢᠯᠭᠠᠵᠤ᠂ ᠣᠷᠣᠨ᠎ᠤ ᠳᠣᠲᠣᠷᠠᠬᠢ ᠴᠠᠬᠢᠯᠭᠠᠨ ᠬᠠᠩᠭᠠᠯᠭ᠎ᠠ ᠵᠢ ᠨᠥᠯᠥᠭᠡᠯᠡᠬᠦ᠌ ᠦᠭᠡᠶ ᠪᠠᠢᠬᠤ ᠵᠢ ᠪᠠᠲᠤᠯᠠᠵᠠᠢ᠃  ᠱᠢᠲᠠᠮᠠᠬᠠᠶ ᠬᠡᠢ ᠵᠢᠨ ᠮᠠᠱᠢᠨ ᠴᠣᠭ᠍ᠴᠠᠯᠠᠪᠤᠷᠢ᠂ ᠤᠰᠤ ᠲᠠᠲᠠᠵᠤ ᠡᠨᠧᠷᠭᠢ ᠨᠦᠭᠡᠴᠡᠯᠡᠬᠦ ᠮᠠᠱᠢᠨ ᠴᠣᠭ᠍ᠴᠠᠯᠠᠪᠤᠷᠢ ᠵᠢᠨ ᠠᠵᠢᠯᠯᠠᠭᠠᠨ᠎ᠤ ᠠᠷᠭ᠎ᠠ ᠬᠡᠯᠪᠡᠷᠢ ᠵᠢ ᠱᠢᠨᠵᠢᠯᠡᠬᠦ᠌ ᠤᠬᠠᠭᠠᠨᠴᠢ ᠪᠡᠷ ᠲᠣᠬᠢᠷᠠᠭᠤᠯᠵᠤ᠂  ᠴᠠᠬᠢᠯᠭᠠᠨ ᠡᠭᠦᠰᠭᠡᠭ᠌ᠴᠢ ᠵᠢᠨ ᠣᠷᠭᠢᠯ ᠤ᠋ᠨ ᠦᠶ᠎ᠡ ᠵᠢᠨ ᠴᠠᠬᠢᠯᠭᠠᠨ ᠭᠠᠷᠭᠠᠬᠤ ᠴᠢᠳᠠᠪᠤᠷᠢ ᠵᠢ ᠭᠦᠶ᠋ᠴᠡᠳ ᠪᠠᠳᠠᠷᠠᠭᠤᠯᠪᠠ᠃ ᠱᠢᠨ᠎ᠡ᠎ᠪᠡᠷ ᠨᠡᠮᠡᠭ᠌ᠳᠡᠭ᠌ᠰᠡᠨ ᠲᠣᠣᠷ ᠲᠣ᠌ ᠨᠡᠢᠯᠡᠭᠦᠯᠬᠦ᠌ ᠴᠠᠬᠢᠯᠭᠠᠨ ᠡᠭᠦᠰᠭᠡᠭ᠌ᠴᠢ ᠵᠢᠨ ᠲᠥᠷᠥᠯ ᠵᠦᠢᠯ ᠢ᠋ ᠠᠱᠢᠭ᠍ᠯᠠᠯᠲᠠ ᠳ᠋ᠦ ᠣᠷᠣᠭᠤᠯᠬᠤ ᠵᠢ ᠢᠳᠡᠪᠬᠢᠲᠡᠢ ᠠᠬᠢᠭᠤᠯᠵᠤ᠂ ᠱᠢᠨ᠎ᠡ ᠮᠠᠱᠢᠨ ᠴᠣᠭ᠍ᠴᠠᠯᠠᠪᠤᠷᠢ ᠵᠢᠨ 《ᠨᠡᠢᠯᠡᠭᠦᠯᠪᠡᠯ ᠵᠣᠬᠢᠬᠤ ᠵᠢ᠎ᠨᠢ ᠪᠦᠬᠦᠨ ᠢ᠋ ᠨᠡᠢᠯᠡᠭᠦᠯᠵᠦ᠍᠂ ᠨᠡᠢᠯᠡᠭᠦᠯᠵᠦ ᠪᠤᠯᠬᠤ ᠵᠢ ᠨᠢ ᠡᠷᠲᠡᠬᠡᠨ ᠨᠡᠢᠯᠡᠭᠦᠯᠬᠦ᠌》 ᠵᠢ ᠪᠠᠲᠤᠯᠠᠵᠠᠢ᠃  ᠨᠥᠭᠡᠴᠡ ᠡᠨᠧᠷᠭᠢ ᠵᠢ ᠱᠢᠯᠵᠢᠭᠦᠯᠦᠨ ᠬᠡᠷᠡᠭ᠌ᠯᠡᠬᠦ᠌ ᠵᠢ ᠱᠢᠯᠢᠳᠡᠭ᠌ᠵᠢᠭᠦᠯᠵᠦ᠍᠂ ᠬᠠᠩᠭᠠᠯᠭ᠎ᠠ ᠵᠢ ᠪᠠᠲᠤᠯᠠᠬᠤ ᠦᠷ᠎ᠡ ᠪᠦᠲᠦᠮᠵᠢ ᠵᠢ ᠬᠦᠭᠵᠢᠭᠡᠵᠦ᠂ ᠣᠳᠣᠬᠠᠨ ᠪᠣᠯᠲᠠᠯ᠎ᠠ ᠪᠥᠬᠥ᠌ ᠴᠠᠬᠢᠯᠭᠠᠨ ᠲᠤᠤᠷ ᠤ᠋ᠨ ᠡᠨᠧᠷᠭᠢ ᠨᠥᠭᠡᠴᠡᠯᠡᠵᠦ ᠴᠠᠬᠢᠯᠭᠠᠨ ᠭᠠᠷᠭᠠᠬᠤ ᠴᠠᠬᠢᠯᠭᠠᠨ ᠬᠦᠴᠦᠨ ᠤ᠋ ᠬᠠᠮᠤᠭ ᠤ᠋ᠨ ᠶᠡᠬᠡ ᠬᠡᠮᠵᠢᠶ᠎ᠡ ᠨᠢ 563 ᠲᠦᠮᠡᠨ ᠺᠢᠯᠦᠸᠠᠲ ᠲᠣ᠌ ᠬᠦᠷᠴᠦ᠍᠂ ᠴᠠᠬᠢᠯᠭᠠᠨ ᠲᠤᠤᠷ ᠤ᠋ᠨ ᠪᠠᠴᠢᠮ  ᠪᠠᠢᠳᠠᠯ  ᠢ᠋  ᠠᠷᠭᠠᠴᠠᠭᠠᠵᠤ  ᠬᠠᠩᠭᠠᠯᠭ᠎ᠠ  ᠵᠢ  ᠪᠠᠲᠤᠯᠠᠬᠤ 《 ᠵᠠᠩᠭᠢᠯᠠᠭ᠎ᠠ ᠵᠢᠨ ᠬᠦᠴᠦᠨ》 ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号