ᠦᠪᠤᠷ ᠮᠤᠨᠭᠭᠤᠯ ᠳ᠋ᠤ᠌ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠱᠢᠨ᠎ᠡ᠎ᠪᠡᠷ 11 ᠨᠡᠮᠡᠭᠳᠡᠵᠠᠢ
2025-12-04 11:22:15
ᠵᠣᠬᠢᠶᠠᠭ᠍ᠴᠢ᠄
​ᠰᠠᠷᠭᠠᠢ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠪᠤᠷ ᠮᠤᠨᠭᠭᠤᠯ ᠳ᠋ᠤ᠌ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠱᠢᠨ᠎ᠡ᠎ᠪᠡᠷ 11 ᠨᠡᠮᠡᠭᠳᠡᠵᠤ᠂ ᠣᠳᠣ ᠪᠣᠯᠲᠠᠯ᠎ᠠ ᠪᠥᠬᠥ᠌ ᠣᠷᠣᠨ᠎ᠤ ᠬᠢᠯᠢ᠎ᠶ᠋ᠢᠨ ᠳᠣᠲᠣᠨ᠎ᠠ ᠭᠠᠳᠠᠨ᠎ᠠ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠭᠰᠠᠨ ᠠᠵᠤ ᠠᠬᠤᠢᠯᠠᠯ 35 ᠪᠤᠯᠪᠠ᠃

ᠦᠪᠤᠷ ᠮᠤᠨᠭᠭᠤᠯ 《ᠲᠢᠶᠠᠨ ᠵᠢᠶᠦ᠋ᠨ ᠲᠥᠯᠥᠪᠯᠡᠭᠡ》᠂ 《ᠮᠢᠩᠭ᠎ᠠ ᠲᠦᠮᠡ ᠢ᠋ᠢᠨ ᠢᠨᠵᠧᠨᠧᠷᠢᠩ》 ᠎ᠢ᠋ ᠭᠦᠨᠵᠡᠭᠡᠶ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠬᠤ ᠲᠢᠩᠬᠢᠮ᠎ᠦᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠭᠤᠤᠯᠯᠠᠨ ᠡᠷᠬᠢᠯᠡᠬᠦ᠌ ᠪᠠᠩᠬᠢ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠵᠥᠪᠯᠡᠭ᠌ᠴᠢ ᠵᠡᠷᠭᠡ ᠣᠯᠠᠨ ᠵᠦᠶ᠋ᠯ᠎ᠦᠨ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠣᠯᠠᠨ ᠲᠠᠯ᠎ᠠ᠎ᠶ᠋ᠢᠨ ᠡᠬᠢ ᠪᠠᠶᠠᠯᠢᠭ᠎ᠢ ᠡᠮᠬᠢᠳᠬᠡᠵᠤ᠂ ᠠᠵᠤ ᠠᠬᠤᠢᠯᠠᠯ᠎ᠤᠨ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠬᠤ ᠠᠬᠢᠴᠠ᠎ᠶ᠋ᠢ ᠲᠦᠷᠬᠡᠳᠬᠡᠵᠤ᠂《ᠨᠢᠭᠡ ᠪᠦᠯᠦᠭ ᠎ᠢ ᠪᠣᠢᠵᠢᠭᠤᠯᠬᠤ᠂ ᠨᠢᠭᠡ ᠪᠦᠯᠦᠭ᠎ᠢ ᠥᠭᠡᠷᠡᠴᠢᠯᠡᠬᠦ᠌᠂ ᠨᠢᠭᠡ ᠪᠦᠯᠦᠭ᠎ᠢ ᠬᠠᠪᠰᠤᠷᠤᠨ ᠵᠢᠯᠣᠭᠣᠳᠭᠤ᠂ ᠨᠢᠭᠡ ᠪᠦᠯᠦᠭ᠎ᠢ ᠮᠡᠳᠡᠭᠦᠯᠬᠦ᠌᠂ ᠨᠢᠭᠡ ᠪᠦᠯᠦᠭ᠎ᠢ ᠵᠠᠬ᠎ᠠ ᠳᠡᠯᠭᠡᠭᠦᠷ᠎ᠲᠦ ᠭᠠᠷᠭᠠᠬᠤ》 ᠱᠠᠲᠤᠯᠢᠭ ᠠᠬᠢᠭᠤᠯᠬᠤ ᠪᠠᠢᠷᠢᠱᠢᠯ᠎ᠢ ᠪᠠᠢᠭᠤᠯᠪᠠ᠃ 2021 ᠣᠨ᠎ᠳᠤ ᠥᠪᠡᠷᠲᠡᠭᠡᠨ ᠵᠠᠰᠠᠬᠤ ᠣᠷᠣᠨ ᠠᠵᠤ ᠠᠬᠤᠢᠯᠠᠯ᠎ᠤᠨ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠬᠤ ᠴᠢᠬᠤᠯᠠ ᠶᠡᠬᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠥᠪᠥᠷ ᠮᠣᠩᠭᠣᠯ᠎ᠤᠨ ᠱᠢᠨᠬᠤᠸᠠ ᠲᠠᠷᠬᠠᠭᠠᠯᠳᠡ ᠢ᠋ᠢᠨ ᠪᠦᠯᠦᠭᠯᠡᠯ᠂ ᠳ᠋ᠠ ᠵᠥᠩ ᠠᠭᠤᠷᠬᠠᠶ᠎ᠶ᠋ᠢᠨ ᠦᠶ᠋ᠯᠡᠰ᠂ ᠳ᠋ᠠ ᠲᠠᠩ ᠡᠮ᠎ᠦᠨ ᠦᠶ᠋ᠯᠡᠰ᠂ ᠶᠸᠤ ᠷᠠᠨ ᠮᠠᠯ ᠠᠵᠤ ᠠᠬᠤᠶ ᠲᠤᠰ ᠲᠤᠰ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠪᠠ᠃

2024 ᠣᠨ᠎ᠳᠤ ᠥᠪᠥᠷ ᠮᠣᠩᠭᠣᠯ᠎ᠤᠨ ᠰᠲ᠋ᠣᠺ᠎ᠤᠨ ᠡᠷᠬᠡ᠎ᠶ᠋ᠢᠨ ᠠᠷᠠᠯᠵᠢᠶᠠᠨ᠎ᠤ ᠲᠥᠪ ᠨᠢ ᠪᠥᠬᠥ᠌ ᠤᠯᠤᠰ᠎ᠤᠨ ᠠᠩᠬᠠᠳᠠᠭ᠍ᠴᠢ 《ᠣᠷᠣᠨ ᠪᠦᠰᠡ᠎ᠶ᠋ᠢᠨ ᠴᠢᠨᠠᠷᠲᠠᠶ ᠰᠲ᠋ᠣᠺ᠎ᠤᠨ ᠡᠷᠬᠡ᠎ᠶ᠋ᠢᠨ ᠵᠠᠬ᠎ᠠ ᠳᠡᠯᠭᠡᠭᠦᠷ᠎ᠢ ᠪᠣᠢᠵᠢᠭᠤᠯᠬᠤ ᠠᠵᠤ ᠠᠬᠤᠢᠯᠠᠯ᠎ᠤᠨ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠬᠤ ᠲᠤᠷᠱᠢᠯᠲᠠ ᠢ᠋ᠢᠨ ᠴᠡᠭ》᠎ᠢ᠋ᠢᠡᠷ ᠵᠥᠪᠱᠢᠶᠡᠷᠡᠭ᠌ᠳᠡᠵᠦ᠍᠂ ᠨᠠᠩ ᠥᠨᠳᠥᠷ ᠲᠠᠰ ᠳᠠᠪᠬᠤᠷᠭ᠎ᠠ᠎ᠶ᠋ᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠴᠢᠨᠠᠷ ᠰᠠᠢᠲᠠᠶ ᠦᠶ᠋ᠯᠡᠴᠢᠯᠡᠭᠡ᠂ ᠵᠠᠰᠠᠭ᠎ᠤᠨ ᠣᠷᠳᠣᠨ᠎ᠤ ᠲᠥᠷᠥ᠎ᠶ᠋ᠢᠨ ᠪᠣᠳᠣᠯᠭ᠎ᠠ ᠪᠠ ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠡᠬᠢ ᠪᠠᠶᠠᠯᠢᠭ᠎ᠢ᠋ ᠡᠮᠬᠢᠳᠬᠡᠬᠦ ᠪᠡᠷ ᠲᠠᠮᠵᠢᠨ ᠥᠪᠡᠷᠲᠡᠭᠡᠨ ᠵᠠᠰᠠᠬᠤ ᠣᠷᠣᠨ᠎ᠤ ᠰᠲ᠋ᠣᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠬᠤ᠎ᠪᠠᠷ ᠪᠠᠢᠭ᠎ᠠ ᠠᠵᠤ ᠠᠬᠤᠢᠯᠠᠯ᠎ᠢ ᠪᠣᠢᠵᠢᠭᠤᠯᠬᠤ ᠵᠢᠷᠤᠮᠵᠢᠯ᠎ᠢ ᠬᠦᠴᠦ᠍᠎ᠪᠡᠨ ᠬᠠᠮᠲᠤᠳᠭᠠᠨ ᠪᠣᠳᠠᠲᠠᠢᠵᠢᠭᠤᠯᠵᠤ᠂ ᠨᠠᠩ ᠥᠨᠳᠥᠷ ᠲᠠᠰ ᠳᠠᠪᠬᠤᠷᠭ᠎ᠠ᠎ᠶ᠋ᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠡᠬᠢ ᠪᠠᠶᠠᠯᠢᠭ ᠪᠠ ᠲᠤᠬᠠᠢᠯᠠᠭ᠍ᠰᠠᠨ ᠠᠵᠢᠯ᠎ᠯᠤᠭ᠎ᠠ ᠵᠣᠯᠭᠠᠭᠤᠯᠬᠤ᠎ᠶ᠋ᠢ ᠪᠡᠶᠡᠯᠡᠭᠦᠯᠪᠡ᠃ ᠰᠲ᠋ᠣᠺ᠎ᠤᠨ ᠡᠷᠬᠡ᠎ᠶ᠋ᠢᠨ ᠠᠷᠠᠯᠵᠢᠶᠠᠨ᠎ᠤ ᠲᠥᠪ᠎ᠲᠦ ᠲᠦᠱᠢᠭ᠌ᠯᠡᠨ ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠠᠳᠤᠢ ᠠᠵᠤ ᠠᠬᠤᠢᠯᠠᠯ᠎ᠤᠨ ᠰᠲ᠋ᠣᠺ᠎ᠤᠨ ᠡᠷᠬᠡ᠎ᠶ᠋ᠢ ᠲᠥᠪᠯᠡᠷᠡᠭᠦᠯᠦᠨ ᠳᠠᠩᠰᠠᠯᠠᠭᠤᠯᠵᠤ ᠨᠠᠢᠳᠠᠨ ᠬᠠᠮᠢᠶᠠᠷᠤᠭᠤᠯᠵᠤ᠂ ᠠᠵᠤ ᠠᠬᠤᠢᠯᠠᠯ᠎ᠤᠨ ᠰᠲ᠋ᠣᠺ᠎ᠤᠨ ᠡᠷᠬᠡ᠎ᠶ᠋ᠢᠨ ᠪᠦᠲᠦᠴᠡ᠎ᠶ᠋ᠢ ᠲᠣᠳᠣᠷᠬᠠᠢᠯᠠᠨ ᠂ ᠺᠣᠮᠫᠠᠨᠢ᠎ᠶ᠋ᠢᠨ ᠵᠠᠰᠠᠯᠲᠠ᠎ᠶ᠋ᠢ ᠵᠢᠷᠤᠮᠵᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ᠎ᠳᠤ ᠨᠠᠢᠳᠠᠨ ᠬᠠᠮᠢᠶᠠᠷᠤᠭᠤᠯᠤᠭᠰᠠᠨ ᠠᠵᠤ ᠠᠬᠤᠢᠯᠠᠯ  585 ᠪᠤᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号