ᠬᠠᠤᠯᠢ ᠪᠡᠷ ᠵᠠᠰᠠᠬᠤ ᠪᠡᠷ ᠵᠢᠭᠤᠯᠴᠢᠯᠠᠯ ᠢ᠋ ᠬᠠᠮᠠᠭᠠᠯᠠᠵᠦ ᠠᠵᠤ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠨ᠎ᠡ
2025-12-04 11:10:18
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠬᠠᠤᠯᠢ ᠴᠠᠭᠠᠵᠠ ᠢ᠋ᠢᠨ ᠲᠢᠩᠬᠢᠮ ᠡᠴᠡ ᠤᠢᠯᠠᠭᠠᠬᠰᠠᠨ ᠢ᠋ᠢᠡᠷ᠂ ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠬᠥᠯᠥᠨ ᠪᠣᠶ᠋ᠢᠷ ᠬᠣᠲᠠ᠎ᠶᠢᠨ ᠬᠠᠤᠯᠢᠴᠢ᠎ᠶᠢᠨ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠦᠢᠯᠡᠳᠬᠦᠨ᠎ᠦ ᠦᠵᠡᠭᠦᠯᠭᠡ᠎ᠶᠢᠨ ᠴᠤᠭᠯᠠᠭᠠᠨ ᠬᠥᠯᠥᠨ ᠪᠣᠶ᠋ᠢᠷ᠎ᠲᠤ ᠠᠮᠵᠢᠯᠲᠠ᠎ᠲᠠᠢ ᠶᠠᠪᠤᠭᠳᠠᠪᠠ᠃ 

ᠦᠵᠡᠭᠦᠯᠭᠡ᠎ᠶᠢᠨ ᠴᠤᠭᠯᠠᠭᠠᠨ ᠎ᠤ ᠣᠨᠴᠠ ᠤᠷᠢᠭ᠍ᠰᠠᠨ ᠲᠤᠰᠬᠠᠢ ᠮᠡᠷᠭᠡᠵᠢᠯᠲᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ ᠎ᠶᠢᠨ ᠳᠣᠣᠷᠠᠬᠢ ᠬᠠᠤᠯᠢ ᠴᠠᠭᠠᠵᠠ᠎ᠶᠢᠨ ᠦᠢᠯᠡᠴᠢᠯᠡᠭᠡ᠎ᠪᠡᠷ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠦᠨ ᠴᠢᠨᠠᠷ ᠰᠠᠢᠲᠠᠢ ᠬᠥᠭᠵᠢᠯᠲᠡ ᠪᠠ ᠲᠣᠭᠲᠠᠭᠠᠯ᠎ᠳᠤ ᠨᠡᠢᠴᠡᠭᠰᠡᠨ ᠡᠵᠡᠩᠨᠡᠯᠲᠡ᠎ᠳᠦ ᠬᠦᠴᠦᠨ ᠨᠡᠮᠡᠷᠢᠯᠡᠬᠦ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠬᠢᠴᠢᠶᠡᠯ ᠣᠷᠣᠵᠤ᠂ ᠬᠠᠤᠯᠢ ᠴᠠᠭᠠᠵᠠ᠎ᠶᠢᠨ ᠦᠢᠯᠡᠴᠢᠯᠡᠭᠡ᠎ᠶᠢᠨ ᠰᠣᠶᠣᠯ ᠵᠢᠭᠤᠯᠴᠢᠯᠠᠯ᠎ᠤᠨ ᠬᠦᠷᠢᠶᠡᠨ᠎ᠳᠡᠬᠢ ᠦᠢᠯᠡᠳᠦᠯᠭᠡ᠎ᠶᠢᠨ ᠬᠡᠷᠡᠭᠯᠡᠯᠲᠡ᠎ᠶᠢ ᠭᠦᠨᠵᠡᠭᠡᠢ ᠲᠠᠢᠯᠪᠤᠷᠢᠯᠠᠪᠠ᠃ ᠡᠭᠦᠨ᠎ᠦ ᠵᠡᠷᠭᠡ᠎ᠳᠦ᠂ ᠥᠪᠥᠷ ᠮᠣᠩᠭᠣᠯ᠎ᠤᠨ ᠰᠣᠶᠣᠯ᠎ᠵᠢᠭᠤᠯᠴᠢᠯᠠᠯ᠎ᠤᠨ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠳᠤ ᠨᠠᠷᠢᠯᠢᠭ᠋ ᠣᠨᠣᠴᠠᠲᠠᠢ᠎ᠪᠠᠷ ᠨᠡᠢᠴᠡᠭᠰᠡᠨ 8 ᠰᠢᠯᠢᠳᠡᠭ ᠵᠢᠭᠤᠯᠴᠢᠯᠠᠯ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠦᠢᠯᠡᠳᠬᠦᠨ ᠢ᠋ ᠲᠦᠪᠯᠡᠷᠡᠭᠦᠯᠦᠨ ᠲᠡᠯᠭᠡᠨ ᠦᠵᠡᠭᠦᠯᠵᠦ᠂ ᠡᠯ᠎ᠡ ᠦᠢᠯᠡᠳᠬᠦᠨ᠎ᠦ ᠬᠠᠷᠢᠭᠤᠴᠠᠯᠭᠠᠲᠠᠨ ᠬᠡᠷᠡᠭ᠎ᠦᠨ ᠵᠢᠱ᠌ᠢᠶ᠎ᠡ᠎ᠶᠢᠨ ᠦᠵᠡᠭᠦᠯᠭᠡ ᠵᠡᠷᠭᠡ ᠬᠡᠯᠪᠡᠷᠢ᠎ᠪᠡᠷ ᠭᠣᠣᠯᠯᠠᠬᠤ ᠳᠠᠪᠠᠭᠤᠯᠢᠭ᠋᠎ᠢᠶᠠᠨ ᠨᠠᠷᠢᠨ ᠲᠠᠢᠯᠪᠤᠷᠢᠯᠠᠪᠠ᠃ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠤᠨ ᠲᠥᠯᠥᠭᠡᠯᠡᠭᠴᠢ ᠦᠵᠡᠭᠦᠯᠭᠡ᠎ᠶᠢᠨ ᠴᠤᠭᠯᠠᠭᠠᠨ᠎ᠤ ᠪᠠᠢᠭᠤᠯᠤᠭᠰᠠᠨ ᠰᠣᠯᠢᠯᠴᠠᠭᠠᠨ᠎ᠤ ᠲᠠᠪᠴᠠᠩ ᠵᠢᠴᠢ ᠲᠤᠰᠬᠠᠢᠵᠢᠭ᠍ᠰᠠᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠦᠢᠯᠡᠳᠬᠦᠨ᠎ᠳᠦ ᠮᠠᠰᠢ ᠬᠠᠨᠤᠮᠵᠢᠲᠠᠢ ᠪᠠᠢᠵᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠢᠷᠡᠭᠡᠳᠦᠢ᠎ᠶᠢᠨ ᠬᠥᠭᠵᠢᠯᠲᠡ᠎ᠳᠦ ᠢᠲᠡᠭᠡᠯ ᠳᠦᠭᠦᠷᠡᠩ ᠪᠠᠢᠬᠤ ᠪᠠᠨ ᠢᠯᠡᠳᠬᠡᠪᠡ᠃ 

ᠬᠤᠷᠠᠯ᠎ᠡᠴᠡ᠂ ᠬᠠᠤᠯᠢ ᠴᠠᠭᠠᠵᠠ᠎ᠶᠢᠨ ᠦᠢᠯᠡᠴᠢᠯᠡᠭᠡ ᠬᠢᠭᠡᠳ ᠥᠪᠥᠷ ᠮᠣᠩᠭᠣᠯ᠎ᠤᠨ ᠵᠢᠭᠤᠯᠴᠢᠯᠠᠯ᠎ᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ ᠎ᠢ ᠠᠬᠢᠭᠤᠯᠵᠤ᠂ 《ᠲᠠᠪᠤᠨ ᠶᠡᠬᠡ ᠡᠭᠦᠷᠭᠡ》 ᠢ᠋ᠢᠨ ᠨᠠᠢᠳᠠᠪᠤᠷᠢᠵᠢᠭᠤᠯᠤᠯᠲᠠ ᠬᠢᠭᠡᠳ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠎ᠶᠢᠨ ᠲᠥᠯᠥᠭᠡ᠂ ᠵᠥᠪ ᠴᠢᠭᠯᠡᠯ᠎ᠢ ᠲᠣᠭᠲᠠᠭᠠᠵᠤ᠂ ᠲᠤᠰᠬᠠᠢ ᠬᠠᠤᠯᠢᠴᠢ᠎ᠶᠢᠨ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ᠂ ᠲᠤᠰᠬᠠᠢ ᠦᠢᠯᠡᠴᠢᠯᠡᠭᠡᠨ᠎ᠦ ᠲᠥᠰᠥᠯ ᠎ᠢ ᠨᠠᠷᠢᠯᠢᠭ᠍ᠵᠢᠭᠤᠯᠵᠤ᠂ ᠤᠯᠠᠨ ᠲᠠᠯ᠎ᠠ᠎ᠪᠠᠷ ᠬᠠᠮᠵᠢᠯᠴᠠᠨ ᠬᠠᠮᠲᠤᠷᠠᠯᠴᠠᠬᠤ᠂ ᠪᠦᠬᠦ ᠬᠡᠯᠬᠢᠶ᠎ᠡ᠎ᠶᠢᠨ ᠬᠠᠤᠯᠢ ᠪᠡᠷ ᠵᠠᠰᠠᠬᠤ ᠪᠠᠲᠤᠯᠠᠭ᠎ᠠ᠎ᠪᠠᠷ ᠵᠢᠭᠤᠯᠴᠢᠯᠠᠯ᠎ᠤᠨ ᠠᠵᠤ ᠦᠢᠯᠡᠰ᠎ᠦᠨ ᠵᠢᠷᠤᠮᠵᠢᠯ᠎ᠲᠠᠢ ᠡᠮᠬᠢ ᠳᠢᠭ᠌ᠯᠢᠮ᠎ᠲᠠᠢ ᠬᠥᠭᠵᠢᠯᠲᠡ᠎ᠶᠢ ᠠᠬᠢᠭᠤᠯᠵᠤ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠬᠠᠤᠯᠢ ᠪᠡᠷ ᠵᠠᠰᠠᠬᠤ ᠬᠦᠴᠦᠨ᠎ᠢᠶᠡᠷ ᠠᠵᠤ ᠦᠢᠯᠡᠰ᠎ᠦᠨ ᠴᠢᠳᠠᠪᠬᠢ ᠎ᠶᠢ ᠲᠡᠰ ᠳᠡᠪᠰᠢᠭᠦᠯᠵᠦ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠬᠡᠵᠦ ᠵᠢᠭᠠᠵᠦ ᠭᠠᠷᠭᠠᠪᠠ᠃ 

ᠲᠣᠰ ᠤᠳᠠᠭᠠᠨ᠎ᠤ ᠦᠵᠡᠭᠦᠯᠭᠡ᠎ᠶᠢᠨ ᠴᠤᠭᠯᠠᠭᠠᠨ ᠨᠢ ᠰᠣᠶᠣᠯ ᠵᠢᠭᠤᠯᠴᠢᠯᠠᠯ ᠎ᠤᠨ ᠠᠵᠤ ᠦᠢᠯᠡᠰ ᠬᠢᠭᠡᠳ ᠬᠠᠤᠯᠢ ᠴᠠᠭᠠᠵᠠ᠎ᠶᠢᠨ ᠦᠢᠯᠡᠴᠢᠯᠡᠭᠡ᠎ᠶᠢᠨ ᠨᠡᠪᠲᠡᠷᠡᠯᠴᠡᠬᠦ ᠬᠥᠭᠥᠷᠭᠡ᠎ᠶᠢ ᠪᠠᠢᠭᠤᠯᠵᠤ᠂ ᠣᠯᠠᠨ ᠲᠠᠯ᠎ᠠ᠎ᠶᠢᠨ ᠬᠠᠮᠵᠢᠯᠴᠠᠨ ᠬᠥᠳᠡᠯᠦᠯᠴᠡᠬᠦ ᠲᠣᠭᠲᠠᠴᠠ᠎ᠶᠢ ᠪᠦᠷᠢᠨᠰᠢᠭᠦᠯᠦᠨ᠂ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠳᠤ ᠲᠤᠰᠬᠠᠢ ᠮᠡᠷᠭᠡᠵᠢᠯ᠎ᠦᠨ ᠬᠠᠤᠯᠢ ᠴᠠᠭᠠᠵᠠ᠎ᠶᠢᠨ ᠳᠡᠮᠵᠢᠯᠭᠡ᠎ᠶᠢ ᠲᠥᠬᠥᠮ ᠳᠥᠲᠡ᠎ᠪᠡᠷ ᠣᠯᠭᠣᠵᠤ᠂ ᠵᠢᠭᠤᠯᠴᠢᠯᠠᠯ᠎ᠤᠨ ᠦᠢᠯᠡᠰ᠎ᠦᠨ ᠡᠷᠡᠭᠦᠯ᠎ᠢᠶᠡᠷ ᠦᠷᠭᠦᠯᠵᠢᠯᠡᠨ ᠬᠥᠭᠵᠢᠬᠦ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号