ᠱᠢᠨ᠎ᠡ ᠭᠠᠯ ᠤᠨᠲᠠᠷᠠᠭᠠᠭ᠍ᠴᠢᠳᠤᠨ ᠰᠡᠳᠭᠢᠴᠡ᠎ᠶ᠋ᠢᠨ ᠡᠷᠡᠭᠦᠯ ᠮᠡᠨᠳᠦ᠍ ᠪᠠᠨ ᠵᠣᠬᠢᠴᠠᠭᠤᠯᠬᠤ ᠴᠢᠳᠠᠪᠤᠷᠢ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠣᠢᠷ᠎ᠠ᠎ᠳᠤ᠂ ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠬᠢ᠎ᠶᠢᠨ ᠪᠤᠯᠪᠠᠰᠤᠷᠠᠯ ᠪᠠ ᠪᠠᠢᠯᠳᠤᠭᠠᠨ᠎ᠤ ᠦᠢᠯᠡᠴᠢᠯᠡᠬᠡ ᠪᠠᠲᠤᠯᠠᠭ᠎ᠠ᠎ᠶᠢᠨ ᠰᠠᠯᠪᠤᠷᠢ ᠠᠩᠭᠢ᠎ᠠᠴᠠ ᠥᠪᠥᠷ ᠮᠣᠩᠭᠣᠯ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠨᠡᠢᠭᠡᠮᠯᠢᠭ᠎ᠦᠨ ᠳᠠᠷᠤᠭ᠎ᠠ᠂ ᠨᠡᠷ᠎ᠡ ᠬᠦᠨᠳᠦᠲᠦ ᠰᠡᠳᠭᠢᠴᠡ᠎ᠶ᠋ᠢᠨ ᠵᠥᠪᠯᠡᠯᠭᠡ ᠥᠭ᠌ᠭᠦᠭ᠌ᠴᠢ ᠯᠢᠨ ᠮᠧᠶ ᠴᠢᠩ ᠪᠠᠭ᠍ᠰᠢ ᠶ᠋ᠢ ᠣᠨᠴᠠᠭᠠᠢᠯᠠᠨ ᠤᠷᠢᠵᠤ᠂ ᠱᠢᠨ᠎ᠡ ᠭᠠᠯ ᠤᠨᠲᠠᠷᠠᠭᠠᠭ᠍ᠴᠢᠳᠲᠤ ᠭᠦᠨᠵᠡᠭᠡᠶ ᠰᠡᠳᠭᠢᠴᠡ᠎ᠶ᠋ᠢᠨ ᠰᠤᠷᠪᠤᠯᠵᠢᠯᠠᠭ᠎ᠠ ᠬᠢᠪᠠ᠃
ᠰᠤᠷᠪᠤᠯᠵᠢᠯᠠᠭ᠎ᠠ ᠳᠤᠮᠳᠠ᠂ ᠯᠢᠨ ᠮᠧᠶ ᠴᠢᠩ ᠪᠠᠭ᠍ᠰᠢ ᠱᠢᠨ᠎ᠡ ᠭᠠᠯ ᠤᠨᠲᠠᠷᠠᠭᠠᠬᠴᠢᠳᠤᠨ ᠪᠣᠯᠪᠠᠰᠤᠷᠠᠯ᠎ᠤᠨ ᠡᠷᠴᠢᠮ᠂ ᠣᠷᠴᠢᠨ ᠲᠣᠭᠣᠷᠢᠨ᠎ᠤ ᠵᠣᠬᠢᠴᠠᠯ᠂ ᠢᠷᠡᠭᠡᠳᠦᠶ᠎ᠶ᠋ᠢᠨ ᠲᠤᠱᠢᠶᠠᠯ ᠬᠠᠷᠢᠭᠤᠴᠠᠯᠭ᠎ᠠ ᠵᠢᠴᠢ ᠭᠡᠷ ᠪᠦᠯᠢ᠎ᠶ᠋ᠢᠨ ᠰᠠᠨᠠᠭᠠᠱᠢᠷᠠᠯ ᠵᠡᠷᠭᠡ ᠲᠠᠯ᠎ᠠ᠎ᠶ᠋ᠢᠨ ᠦᠨᠡᠨ ᠪᠣᠳᠠᠲᠠᠶ ᠲᠥᠷᠥᠭ᠌ᠳᠡᠯ ᠪᠠ ᠳᠠᠯᠳᠠ ᠳᠠᠷᠤᠯᠲᠠ᠎ᠶ᠋ᠢ ᠬᠦᠯᠢᠴᠡᠩᠭᠦᠶ᠎ᠪᠡᠷ ᠰᠣᠨᠣᠰᠴᠤ᠌᠂ ᠲᠤᠰᠭᠠᠶ ᠮᠡᠷᠭᠡᠵᠢᠯ᠎ᠦᠨ ᠨᠡᠪᠲᠡᠷᠡᠯᠴᠡᠭᠡ᠎ᠪᠡᠷ ᠳᠠᠮᠵᠢᠭᠤᠯᠤᠨ᠂ ᠰᠢᠨ᠎ᠠ ᠭᠠᠯ ᠤᠨᠲᠠᠷᠠᠭᠠᠬᠴᠢᠳᠤᠨ ᠰᠡᠳᠭᠢᠯ ᠰᠠᠨᠠᠭ᠎ᠠ᠎ᠪᠠᠨ ᠳᠡᠯᠭᠡᠬᠦ᠂ ᠤᠷᠮ᠎ᠠ ᠰᠡᠳᠭᠢᠯᠭᠡ᠎ᠪᠡᠨ ᠪᠠᠳᠠᠷᠠᠭᠤᠯᠬᠤ᠂ ᠰᠡᠳᠬᠢᠯ᠎ᠤᠨ ᠳᠠᠷᠤᠭᠠᠰᠦ᠎ᠶᠢᠨ ᠡᠬᠢ ᠰᠤᠷᠪᠤᠯᠵᠢ ᠪᠠᠨ ᠢᠯᠭᠠᠨ ᠲᠠᠨᠢᠬᠤ᠎ᠶ᠋ᠢ ᠬᠥᠲᠥᠯᠥᠨ ᠵᠢᠯᠣᠭᠣᠳᠪᠠ᠃ ᠨᠡᠪᠲᠡᠷᠡᠯᠴᠡᠬᠦ᠌ ᠶᠠᠪᠤᠴᠠ᠎ᠳᠤ᠂ ᠯᠢᠨ ᠮᠧᠶ ᠴᠢᠩ ᠪᠠᠭ᠍ᠰᠢ ᠠᠰᠠᠭᠤᠳᠠᠯ᠎ᠢ ᠵᠢᠭᠠᠨ ᠵᠢᠯᠣᠭᠣᠳᠤᠬᠰᠠᠨ ᠵᠢᠡᠷ ᠪᠠᠷᠠᠬᠤ ᠦᠬᠡᠢ᠂ ᠨᠠᠩ ᠴᠤ᠌ ᠬᠦᠴᠦᠨ ᠣᠯᠭᠣᠬᠤ ᠪᠠ ᠦᠰᠦᠨ ᠪᠣᠢᠵᠢᠯᠲᠠ᠎ᠶ᠋ᠢ ᠴᠢᠬᠤᠯᠠᠴᠢᠯᠠᠪᠠ᠃ ᠲᠣᠰ ᠤᠳᠠᠭ᠎ᠠ᠎ᠶᠢᠨ ᠬᠠᠪᠰᠤᠷᠤᠨ ᠵᠢᠯᠤᠭᠤᠳᠤᠯᠭ᠎ᠠ ᠨᠢ ᠰᠢᠨ᠎ᠡ ᠭᠠᠯ ᠤᠨᠲᠠᠷᠠᠭᠠᠬᠴᠢᠳᠤᠨ ᠠᠵᠢᠯ᠎ᠳᠤ ᠤᠷᠤᠭ᠍ᠰᠠᠨ ᠡᠬᠢᠨ᠎ᠦ ᠦᠶ᠎ᠡ᠎ᠶ᠋ᠢᠨ ᠵᠣᠪᠠᠨᠢᠯ᠎ᠢ ᠪᠦᠲᠦᠮᠵᠢᠲᠡᠶ ᠨᠠᠮᠳᠠᠭᠤᠯᠵᠤ᠂ ᠠᠵᠢᠯ ᠮᠡᠷᠭᠡᠵᠢᠯ᠎ᠦᠨ ᠮᠡᠳᠡᠷᠡᠮᠵᠢ ᠪᠠ ᠰᠡᠳᠭᠢᠴᠡ᠎ᠶ᠋ᠢᠨ ᠤᠶᠠᠨ ᠬᠠᠲᠠᠨ ᠴᠢᠨᠠᠷ᠎ᠢ ᠨᠡᠮᠡᠭ᠌ᠳᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ᠂ ᠪᠤᠯᠪᠠᠰᠤᠷᠠᠯ ᠪᠠ ᠪᠠᠢᠯᠳᠤᠭᠠᠨ᠎ᠤ ᠦᠢᠯᠡᠴᠢᠯᠡᠬᠡ ᠪᠠᠲᠤᠯᠠᠭ᠎ᠠ᠎ᠶᠢᠨ ᠰᠠᠯᠪᠤᠷᠢ ᠠᠩᠭᠢ ᠨᠢ ᠱᠢᠨ᠎ᠡ ᠭᠠᠯ ᠤᠨᠲᠠᠷᠠᠭᠠᠭ᠍ᠴᠢᠳᠤᠨᠰᠡᠳᠭᠢᠴᠡᠶ᠋ᠢᠨ ᠡᠷᠡᠭᠦᠯ ᠮᠡᠨᠳᠦ᠍᠎ᠶ᠋ᠢ ᠦᠷᠭᠦᠯᠵᠢᠯᠡᠨ ᠠᠩᠬᠠᠷᠴᠤ᠌᠂ ᠰᠢᠨ᠎ᠡ ᠭᠠᠯ ᠤᠨᠲᠠᠷᠠᠭᠠᠬᠴᠢᠳᠤᠨ ᠢᠳᠡᠷᠡᠭᠦᠨ᠎ᠢᠶᠡᠷ ᠦᠰᠦᠨ ᠪᠣᠢᠵᠢᠬᠤ᠎ᠶ᠋ᠢ ᠰᠠᠬᠢᠨ ᠬᠠᠮᠠᠭᠠᠯᠠᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号