ᠠᠳᠤᠭᠤᠨ᠎ᠤ ᠠᠵᠤ ᠦᠢᠯᠡᠰ᠎ᠢ ᠬᠥᠭᠵᠢᠭᠦᠯᠵᠦ ᠶᠠᠪᠤᠭ᠎ᠠ ᠭᠡᠭᠡᠷᠡᠯᠲᠦ
2025-12-04 10:30:49
ᠵᠣᠬᠢᠶᠠᠭ᠍ᠴᠢ᠄
ᠪᠠᠶᠠᠨᠳᠠᠯᠠᠢ ᠬᠠᠰᠪᠤᠶᠠᠨᠲᠤ
ᠣᠩᠱᠢᠭ᠍ᠰᠠᠨ ᠣᠳᠠᠭ᠎ᠠ᠄
★★★☆☆

ᠦᠦᠰᠢᠨ ᠬᠣᠰᠢᠭᠤᠨ᠎ᠤ ᠭᠠᠯᠠᠭᠤᠲᠤ ᠪᠠᠯᠭᠠᠰᠤ᠎ᠶᠢᠨ ᠪᠤᠵᠠᠶ ᠭᠠᠴᠠᠭᠠᠨ᠎ᠤ ᠮᠠᠯᠴᠢᠨ ᠭᠡᠭᠡᠷᠡᠯᠲᠦ ᠠᠳᠤᠭᠤ ᠲᠠᠢ ᠠᠢᠯ᠎ᠤᠨ ᠵᠢᠠᠨ ᠤᠳᠤᠮ ᠎ᠢ ᠵᠠᠯᠭᠠᠵᠤ᠂ 《ᠦᠦᠰᠢᠨ ᠬᠣᠰᠢᠭᠤᠨ᠎ᠤ ᠴᠢ ᠰᠢᠶᠠᠩ ᠠᠳᠤᠭᠤᠨ᠎ᠤ ᠠᠵᠤ ᠦᠢᠯᠡᠰ》᠎ᠤᠨ ᠺᠣᠮᠫᠠᠨᠢ ᠪᠠᠢᠭᠤᠯᠤᠨ ᠠᠰᠢᠭ᠍ᠯᠠᠯᠲᠠ᠎ᠳᠤ ᠣᠷᠣᠭᠤᠯᠵᠤ᠂ ᠠᠳᠤᠭᠤᠨ ᠰᠣᠶᠣᠯ ᠎ᠢᠶᠠᠨ ᠤᠯᠠᠮᠵᠢᠯᠠᠨ ᠬᠥᠭᠵᠢᠭᠦᠯᠵᠦ ᠪᠠᠢᠨ᠎ᠠ᠃


QQ20251204-103121.png


 ᠲᠡᠷᠡ ᠤᠷᠢᠳ ᠬᠣᠵᠢᠳ 700 ᠭᠠᠷᠤᠢ ᠲᠦᠮᠡᠨ ᠲᠥᠭᠥᠷᠢᠭ ᠵᠠᠷᠤᠴᠠᠭᠤᠯᠵᠤ 6000 ᠭᠠᠷᠤᠢ ᠲᠡᠭᠰᠢ ᠳᠥᠷᠪᠡᠯᠵᠢᠨ ᠮᠧᠲᠷ᠎ᠦᠨ ᠪᠠᠷᠢᠯᠭ᠎ᠠ ᠪᠠᠷᠢᠵᠤ᠂ ᠠᠳᠤᠭᠤᠨ᠎ᠤ ᠬᠠᠰᠢᠶ᠎ᠠ ᠬᠣᠷᠣᠭ᠎ᠠ᠂ ᠡᠪᠡᠰᠦᠨ ᠰᠠᠷᠠᠪᠴᠢ᠂ ᠴᠡᠭᠡ ᠪᠣᠯᠪᠠᠰᠤᠷᠠᠭᠤᠯᠬᠤ ᠪᠠ ᠬᠠᠳᠠᠭᠠᠯᠠᠵᠤ ᠬᠤᠷᠢᠶᠠᠬᠤ ᠬᠥᠮᠥᠷᠭᠡ ᠪᠠᠢᠭᠤᠯᠤᠨ᠂ ᠠᠳᠤᠭᠤᠨ᠎ᠤ ᠠᠵᠤ ᠦᠢᠯᠡᠰ᠎ᠦᠨ ᠬᠡᠪᠴᠢᠶᠡᠵᠢᠯ᠎ᠢᠶᠡᠨ ᠥᠷᠭᠡᠳᠬᠡᠭᠰᠡᠨ ᠎ᠢᠶᠡᠷ ᠪᠠᠷᠠᠬᠤ ᠦᠭᠡᠢ ᠪᠣᠷᠣᠯᠠᠭᠤᠯᠬᠤ ᠠᠷᠭ᠎ᠠ ᠵᠠᠮ ᠎ᠢ ᠲᠠᠰᠤᠷᠠᠯᠲᠠ ᠦᠭᠡᠢ ᠡᠷᠢᠯᠬᠢᠯᠡᠵᠦ᠂ ᠪᠣᠯᠪᠠᠰᠤᠷᠠᠭᠤᠯᠤᠭᠰᠠᠨ ᠴᠡᠭᠡ᠎ᠪᠡᠨ ᠳᠤᠬᠠᠢ ᠵᠢᠨ ᠭᠠᠵᠠᠷ ᠪᠤᠶᠤ ᠤᠢᠷ᠎ᠠ ᠬᠠᠪᠢ ᠵᠢᠨ ᠡᠮᠨᠡᠯᠭᠡ᠎ᠶᠢᠨ ᠬᠣᠷᠢᠶ᠎ᠠ᠎ᠳᠤ ᠬᠦᠷᠭᠡᠨ᠂ ᠬᠤᠷᠢᠮ ᠨᠠᠢᠷ᠂ ᠨᠠᠭᠠᠳᠤᠮ ᠴᠤᠭᠯᠠᠭᠠᠨ ᠵᠡᠷᠭᠡ᠎ᠪᠠᠷ ᠪᠣᠷᠣᠯᠠᠭᠤᠯᠵᠤ᠂ ᠮᠥᠨ ᠠᠭᠠᠵᠢᠮ ᠵᠢᠠᠷ ᠬᠥᠬᠡᠬᠣᠲᠠ᠂ ᠪᠤᠭᠤᠲᠤ᠂ ᠳ᠋ᠦᠩᠱᠧᠩ᠂ ᠲᠡᠮᠡᠭᠡᠲᠦ᠂ ᠰᠢ ᠠᠨ ᠵᠡᠷᠭᠡ ᠤᠷᠤᠨ᠎ᠤ ᠳᠤᠲᠤᠷ᠎ᠠ ᠭᠠᠳᠠᠨᠠᠬᠢ ᠤᠯᠠᠨ ᠭᠠᠵᠠᠷ ᠵᠠᠬᠢᠶᠠᠯᠠᠨ ᠪᠣᠷᠣᠯᠠᠭᠤᠯᠵᠤ ᠪᠠᠢᠨ᠎ᠠ᠃

ᠭᠡᠭᠡᠷᠡᠯᠲᠦ ᠪᠠᠭ᠎ᠠ ᠡᠴᠡ ᠪᠠᠨ ᠠᠳᠤᠭᠤᠨ᠎ᠳᠤ ᠬᠠᠢᠷᠠᠲᠠᠢ ᠪᠠᠢᠵᠤ᠂ ᠤᠳᠤ ᠺᠤᠮᠫᠠᠨᠢ ᠵᠢᠨ ᠬᠢᠨᠢ ᠤᠷᠤᠯᠳᠤᠭᠠᠨ᠎ᠤ ᠮᠣᠷᠢᠳ ᠨᠢ ᠣᠯᠠᠨ ᠨᠠᠢᠷ ᠨᠠᠭᠠᠳᠤᠮ᠎ᠳᠤ ᠠᠶ᠋ᠢᠷᠠᠭᠲᠠᠨ ᠱᠠᠩᠨᠠᠯ ᠬᠥᠬᠢᠭᠦᠯᠦᠯ ᠳᠤᠰᠴᠤ ᠪᠠᠢᠭ᠎ᠠ ᠠᠵᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号