ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠷᠭᠡᠵᠢᠯ ᠦᠨ ᠢᠨᠵᠧᠨᠧᠷᠢᠩᠵᠢᠭᠦᠯᠬᠦ ᠲᠥᠪ᠎ᠦᠨ ᠫᠠᠢᠰᠠ ᠰᠡᠬᠦᠬᠦ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠣᠢᠷ᠎ᠠ᠎ᠳᠤ ᠪᠤᠭᠤᠲᠤ᠎ᠳᠤ ᠶᠠᠪᠤᠭᠳᠠᠪᠠ᠃ ᠡᠨᠡ ᠪᠣᠯ ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ ᠪᠣᠯᠣᠨ ᠨᠡᠭᠦᠷᠡᠰᠦᠲᠥ᠋ᠷᠥᠭᠴᠢ᠎ᠶᠢᠨ ᠬᠠᠮᠢᠶᠠᠷᠤᠯᠲᠠ᠎ᠶᠢᠨ ᠬᠦᠷᠢᠶᠡᠨ᠎ᠳᠦ ᠪᠠᠢᠷᠢᠰᠢᠭᠤᠯᠤᠭᠰᠠᠨ ᠠᠩᠬᠠᠳᠠᠭ᠍ᠴᠢ ᠠᠵᠤ ᠦᠢᠯᠡᠰ᠎ᠦᠨ ᠮᠡᠷᠭᠡᠵᠢᠯ᠎ᠦᠨ ᠢᠨᠵᠧᠨᠧᠷᠢᠩᠵᠢᠭᠦᠯᠬᠦ ᠲᠥᠪ ᠶᠤᠮ᠃
ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠷᠭᠡᠵᠢᠯ᠎ᠦᠨ ᠢᠨᠵᠧᠨᠧᠷᠢᠩᠵᠢᠭᠦᠯᠬᠦ ᠲᠥᠪ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ 2025 ᠣᠨ᠎ᠤ 9 ᠰᠠᠷ᠎ᠠ᠎ᠳᠤ ᠴᠣᠬᠣᠯᠠᠪᠤᠷᠢᠯᠠᠨ ᠪᠠᠢᠭᠤᠯᠵᠤ᠂ ᠦᠪᠠᠷᠳᠡᠭᠡᠨ ᠵᠠᠰᠠᠬᠤ ᠤᠷᠤᠨ᠎ᠤ ᠰᠢ᠎ᠶᠢᠨ ᠫᠢᠩ ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠳᠤᠭᠤᠰᠢᠯᠠᠭᠤᠯᠤᠨ ᠨᠠᠢᠳᠠᠪᠤᠷᠢᠵᠢᠭᠤᠯᠬᠤ᠂ ᠤᠯᠤᠰ ᠤᠨ 《ᠬᠣᠣᠰ ᠨᠡᠭᠦᠷᠡᠰᠦᠲᠥ᠋ᠷᠥᠭᠴᠢ》 ᠵᠢᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠂ ᠣᠷᠣᠨ ᠪᠦᠰᠡ᠎ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠶᠢ ᠠᠬᠢᠭᠤᠯᠬᠤ ᠴᠢᠬᠤᠯᠠ ᠪᠠᠢᠯᠳᠤᠬᠤ ᠪᠣᠳᠣᠯᠭ᠎ᠠ ᠵᠢᠨ ᠲᠠᠪᠴᠠᠩ ᠪᠠᠢᠵᠤ᠂ ᠤᠯᠤᠰ᠎ᠤᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ ᠶᠢᠨ ᠲᠥᠪ᠎ᠤᠨ ᠰᠠᠭᠤᠷᠢ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ᠂ ᠰᠢᠨᠵᠢᠯᠡᠬᠦ ᠤᠬᠠᠭᠠᠨ᠎ᠤ ᠰᠤᠳᠤᠯᠭᠠᠨ ᠬᠢᠭᠡᠳ ᠠᠵᠤ ᠦᠢᠯᠡᠰ ᠢ ᠭᠦᠨᠵᠡᠭᠡᠢ ᠵᠣᠯᠭᠠᠭᠤᠯᠬᠤ᠎ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠣᠨ᠎ᠠ᠃
ᠲᠤᠰ ᠲᠥᠪ᠎ᠢ ᠪᠤᠭᠤᠲᠤ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ ᠲᠦᠷᠦᠭᠦᠯᠡᠨ ᠪᠠᠢᠭᠤᠯᠵᠤ᠂ ᠥᠪᠥᠷ ᠮᠣᠩᠭᠣᠯ᠎ᠤᠨ ᠬᠡᠮᠵᠢᠯᠲᠡ ᠰᠢᠯᠭᠠᠯᠳᠠ ᠵᠢᠨ ᠰᠤᠳᠤᠯᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳ᠋ᠠᠰᠦ᠋(ᠪᠤᠭᠤᠲᠤ) ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠪᠤᠭᠤᠲᠤ ᠬᠣᠲᠠ᠎ᠶᠢᠨ ᠨᠡᠭᠦᠷᠡᠰᠦᠲᠥ᠋ᠷᠥᠭᠴᠢ ᠶᠢᠨ ᠬᠡᠮᠵᠢᠯᠲᠡ᠎ᠶᠢᠨ ᠲᠥᠪ᠂ ᠬᠠᠲᠤᠨ ᠭᠣᠣᠯ᠎ᠤᠨ ᠶᠡᠬᠡ ᠳᠤᠬᠤᠢ ᠵᠢᠨ ᠠᠮᠢ ᠠᠬᠤᠢ᠎ᠶᠢᠨ ᠰᠤᠳᠤᠯᠭᠠᠨ᠎ᠤ ᠬᠦᠷᠢᠶᠡᠯᠡᠩ ᠵᠡᠷᠭᠡ ᠨᠢᠭᠡᠴᠢ᠎ᠲᠠᠢ ᠬᠠᠮᠲᠤᠷᠠᠨ ᠪᠠᠢᠭᠤᠯᠵᠤ᠂ 《ᠶᠡᠬᠡ ᠳᠡᠭᠡᠳᠦ ᠰᠤᠷᠭᠠᠭᠤᠯᠢ ᠬᠥᠲᠥᠯᠥᠨ ᠳᠠᠭᠠᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ ᠵᠢᠡᠷ ᠬᠥᠳᠡᠯᠭᠡᠵᠦ᠂ ᠵᠠᠰᠠᠭ᠎ᠤᠨ ᠤᠷᠳᠤᠨ ᠠᠵᠤ ᠠᠬᠤᠢᠯᠠᠯ ᠬᠠᠮᠵᠢᠯᠴᠠᠵᠤ᠂ ᠣᠯᠠᠨ ᠲᠠᠯ᠎ᠠ᠎ᠪᠠᠷ᠎ᠢᠶᠠᠨ ᠣᠷᠣᠯᠴᠠᠬᠤ》ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠪᠠᠢᠭᠤᠯᠵᠤ᠂ ᠣᠷᠣᠨ ᠪᠦᠰᠡ᠎ᠶᠢᠨ ᠨᠡᠭᠦᠷᠡᠰᠦᠲᠥ᠋ᠷᠥᠭᠴᠢ᠎ᠶᠢ ᠬᠢᠨᠠᠨ ᠬᠡᠮᠵᠢᠬᠦ᠂ ᠨᠡᠭᠦᠷᠡᠰᠦᠲᠥ᠋ᠷᠥᠭᠴᠢ ᠶᠢ ᠬᠢᠨᠠᠨ ᠪᠤᠳᠤᠬᠤ᠂ ᠨᠡᠭᠦᠷᠡᠰᠦᠲᠥ᠋ᠷᠥᠭᠴᠢ᠎ᠶᠢ ᠬᠠᠮᠢᠶᠠᠷᠬᠤ ᠵᠢᠴᠢ ᠠᠮᠢ ᠠᠬᠤᠢ᠎ᠶᠢᠨ ᠨᠡᠭᠦᠷᠡᠰᠦᠲᠥ᠋ᠷᠥᠭᠴᠢ᠎ᠶᠢ ᠬᠤᠷᠠᠭᠤᠯᠬᠤ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠠᠯ᠎ᠠ ᠨᠤᠳᠤᠭ ᠬᠢᠭᠡᠳ ᠡᠯᠡᠰᠤᠨ ᠴᠥᠯ᠎ᠦᠨ ᠨᠡᠭᠦᠷᠡᠰᠦᠲᠥ᠋ᠷᠥᠭᠴᠢ᠎ᠶᠢ ᠬᠤᠷᠠᠭᠤᠯᠬᠤ ᠬᠡᠮᠵᠢᠯᠲᠡ᠂ ᠭᠣᠣᠯᠳᠠᠯᠭ᠎ᠠ᠎ᠲᠠᠢ ᠠᠵᠢᠯ ᠲᠥᠷᠥᠯ ᠦᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠬᠢᠨᠠᠨ ᠬᠡᠮᠵᠢᠬᠦ᠂ ᠣᠷᠣᠨ ᠪᠦᠰᠡ ᠶᠢᠨ ᠨᠡᠭᠦᠷᠡᠰᠦᠲᠥ᠋ᠷᠥᠭᠴᠢ ᠵᠢᠨ ᠲᠣᠭᠠᠴᠢᠯᠠᠭᠰᠠᠨ ᠬᠠᠮᠢᠶᠠᠷᠤᠯᠳᠠ ᠵᠡᠷᠭᠡ ᠰᠢᠰᠲᠧᠮᠵᠢᠭᠦᠯᠦᠭᠰᠡᠨ ᠮᠡᠷᠭᠡᠵᠢᠯ᠎ᠦᠨ ᠪᠣᠭᠣᠮᠲᠠ ᠰᠢᠪᠲᠤᠯᠬᠤ ᠪᠠᠢᠷᠢᠰᠢᠭᠤᠯᠤᠯᠲᠠ᠎ᠶᠢ ᠪᠣᠶ ᠪᠣᠯᠭᠠᠨ᠎ᠠ᠃
ᠣᠳᠣᠬᠠᠨ᠎ᠳᠤ᠂ ᠲᠣᠰ ᠲᠥᠪ ᠨᠢ ᠨᠢᠭᠡᠨᠲᠡ ᠰᠠᠭᠤᠷᠢ ᠰᠠᠢᠲᠠᠢ ᠨᠡᠭᠦᠷᠡᠰᠦᠲᠥ᠋ᠷᠥᠭᠴᠢ᠎ᠶᠢᠨ ᠬᠡᠮᠵᠢᠯᠲᠡ ᠶᠢᠨ ᠲᠤᠷᠰᠢᠯᠲᠠ᠎ᠶᠢᠨ ᠲᠠᠰᠤᠭ᠎ᠤᠨ ᠲᠠᠪᠴᠠᠩ᠎ᠢ ᠪᠠᠢᠭᠤᠯᠵᠤ ᠂ 77 ᠰᠢᠨᠵᠢᠯᠡᠬᠦ ᠤᠬᠠᠭᠠᠨ ᠤ ᠰᠤᠳᠤᠯᠭᠠᠨ᠎ᠤ ᠠᠵᠢᠯᠲᠠᠨ᠎ᠢ ᠴᠤᠭᠯᠠᠭᠤᠯᠤᠨ᠂ ᠲᠥᠷᠥᠯ ᠵᠦᠢᠯ᠎ᠢᠶᠡᠷ ᠲᠠᠲᠠᠬᠤ᠂ ᠮᠡᠷᠭᠡᠵᠢᠯ᠎ᠦᠨ ᠰᠢᠨ᠎ᠡ ᠶᠢ ᠡᠭᠦᠳᠬᠦ᠎ᠪᠡᠷ ᠭᠣᠣᠯ ᠱᠤᠭᠤᠮ ᠪᠣᠯᠭᠠᠭᠰᠠᠨ ᠠᠵᠤ ᠦᠢᠯᠡᠰᠵᠢᠭᠦᠯᠦᠨ ᠤᠨᠳᠤᠤᠰᠢᠭᠤᠯᠬᠤ ᠰᠢᠰᠲᠧᠮ᠎ᠢ ᠠᠩᠬ᠎ᠠ ᠠᠯᠬᠤᠮ ᠪᠦᠷᠢᠯᠳᠦᠭᠦᠯᠪᠡ᠃ ᠬᠠᠲᠤᠨ ᠭᠣᠣᠯ ᠤᠨ ᠶᠡᠬᠡ ᠳᠤᠬᠤᠢ ᠵᠢᠨ ᠣᠷᠣᠨ ᠪᠦᠰᠡ᠎ᠶᠢᠨ ᠲᠣᠭᠣᠷᠢᠨ᠎ᠳᠤ᠂ ᠦᠢᠯᠡᠳᠪᠦᠷᠢᠯᠡᠯ᠂ ᠠᠮᠢ ᠠᠬᠤᠢ᠂ ᠡᠨᠧᠷᠭᠢ ᠵᠡᠷᠭᠡ ᠣᠯᠠᠨ ᠬᠦᠷᠢᠶᠡᠨ᠎ᠳᠡᠬᠢ ᠨᠡᠭᠦᠷᠡᠰᠦᠲᠥ᠋ᠷᠥᠭᠴᠢ᠎ᠶᠢᠨ ᠲᠣᠭᠠᠴᠢᠯᠠᠭᠰᠠᠨ ᠬᠠᠮᠢᠶᠠᠷᠤᠯᠲᠠ ᠪᠠ ᠲᠣᠬᠢᠷᠠᠭᠤᠯᠤᠯᠲᠠ᠎ᠶᠢᠨ ᠲᠠᠪᠴᠠᠩ ᠢ ᠲᠦᠷᠭᠡᠳᠬᠡᠨ ᠪᠠᠢᠭᠤᠯᠵᠤ᠂ ᠨᠡᠭᠦᠷᠡᠰᠦᠲᠥ᠋ᠷᠥᠭᠴᠢ᠎ᠶᠢᠨ ᠠᠷᠠᠯᠵᠢᠶ᠎ᠠ᠂ ᠠᠮᠢ ᠠᠬᠤᠢ᠎ᠶᠢᠨ ᠨᠥᠬᠥᠪᠦᠷᠢ ᠪᠠ ᠣᠷᠣᠨ ᠪᠦᠰᠡ᠎ᠶᠢᠨ ᠪᠣᠬᠢᠷᠲᠤᠯ ᠦᠭᠡᠢ ᠬᠥᠭᠵᠢᠯᠲᠡ᠎ᠳᠦ ᠭᠣᠣᠯᠯᠠᠬᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ ᠪᠠᠢᠨ᠎ᠠ᠃
ᠢᠷᠡᠯᠲᠡ ᠄ ᠳᠠᠯ᠎ᠠ ᠨᠤᠳᠤᠭ᠎ᠤᠨ ᠡᠬᠦᠯᠨ ᠰᠢᠯᠵᠢᠶ᠎ᠡ