12 ᠰᠠᠷ᠎ᠠ ᠎ᠵᠢᠨ ᠪᠥᠬᠥ᠌ ᠤᠯᠤᠰ ᠎ᠤᠨ ᠪᠠᠶ᠋ᠢᠭᠠᠯᠢ ᠎ᠶᠢᠨ ᠭᠠᠮᠰᠢᠭ᠎ᠤᠨ ᠲᠦᠭᠰᠢᠭᠦᠷᠢ᠎ᠶᠢᠨ ᠪᠠᠶ᠋ᠢᠳᠠᠯ᠎ᠢ ᠨᠡᠶ᠋ᠢᠲᠡᠯᠡᠪᠡ
2025-12-04 10:40:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭᠠᠰᠬᠠᠨ

ᠭᠠᠮᠰᠢᠭ᠎ᠠᠴᠠ ᠠᠪᠤᠷᠠᠬᠤ ᠵᠥᠪᠯᠡᠯ᠎ᠦᠨ ᠠᠯᠪᠠᠨ ᠬᠡᠷ᠂ ᠪᠠᠴᠢᠮ ᠪᠠᠶ᠋ᠢᠳᠠᠯ᠎ᠢ

ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ 12 ᠰᠠᠷ᠎ᠠ᠎ᠶᠢᠨ ᠪᠥᠬᠥ᠌ ᠤᠯᠤᠰ

᠎ᠤᠨ ᠪᠠᠶ᠋ᠢᠭᠠᠯᠢ ᠵᠢᠨ ᠭᠠᠮᠰᠢᠭ᠎ᠤᠨ ᠲᠦᠭᠰᠢᠭᠦᠷᠢ᠎ᠶᠢᠨ ᠪᠠᠶ᠋ᠢᠳᠠᠯ᠎ᠢ ᠨᠡᠶ᠋ᠢᠲᠡᠯᠡᠪᠡ


ᠤᠯᠤᠰ ᠎ᠤᠨ ᠭᠠᠮᠰᠢᠭ ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠨ ᠭᠠᠮᠰᠢᠭ᠎ᠠᠴᠠ ᠠᠪᠤᠷᠠᠬᠤ ᠵᠥᠪᠯᠡᠯ᠎ᠦᠨ ᠠᠯᠪᠠᠨ ᠬᠡᠷ᠂ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠣᠶ᠋ᠢᠷ᠎ᠠ᠎ᠳᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠶᠠᠮᠤᠨ᠂ ᠤᠰᠤᠨ ᠠᠰᠢᠭᠯᠠᠯᠲᠠ᠎ᠶᠢᠨ ᠶᠠᠮᠤᠨ ᠂ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠤᠯᠤᠰ᠎ᠤᠨ ᠡᠨᠧᠷᠭᠢ᠎ᠶᠢᠨ ᠲᠣᠪᠴᠢᠶ᠎ᠠ᠂ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ ᠵᠥᠪᠳᠡᠯᠴᠡᠬᠦ᠌ ᠬᠤᠷᠠᠯ ᠬᠤᠷᠠᠯᠳᠤᠭᠤᠯᠵᠤ᠂ 2025 ᠣᠨ ᠎ᠤ 12 ᠰᠠᠷ᠎ᠠ ᠎ᠶᠢᠨ ᠪᠥᠬᠥ᠌ ᠤᠯᠤᠰ᠎ᠤᠨ ᠪᠠᠶ᠋ᠢᠭᠠᠯᠢ᠎ᠶᠢᠨ ᠭᠠᠮᠰᠢᠭ᠎ᠤᠨ ᠠᠶᠤᠯ ᠲᠦᠭᠰᠢᠭᠦᠷᠢ᠎ᠶᠢᠨ ᠪᠠᠶ᠋ᠢᠳᠠᠯ ᠎ᠢ ᠵᠥᠪᠳᠡᠯᠴᠡᠨ ᠰᠤᠳᠤᠯᠵᠤ ᠮᠠᠭᠠᠳᠯᠠᠪᠠ᠃

ᠶᠡᠷᠦᠩᠬᠡᠶ ᠵᠠᠳᠠᠯᠤᠯᠲᠠ᠎ᠶᠢᠨ ᠦᠵᠡᠬᠦ᠌᠎ᠪᠡᠷ᠂ 12 ᠰᠠᠷ᠎ᠠ ᠎ᠳᠤ ᠵᠡᠭᠦᠨ ᠬᠣᠶ᠋ᠢᠲᠤ᠌ ᠣᠷᠣᠨ᠂ ᠥᠪᠥᠷ ᠮᠣᠩᠭᠣᠯ᠎ᠤᠨ ᠵᠡᠭᠦᠨ ᠪᠡᠶ᠎ᠠ᠂ ᠰᠢᠨᠵᠢᠶᠠᠩ᠎ᠤᠨ ᠬᠣᠶ᠋ᠢᠲᠤ᠌ ᠪᠡᠶ᠎ᠠ ᠵᠡᠷᠭᠡ ᠭᠠᠵᠠᠷ ᠣᠷᠣᠨ᠎ᠤ ᠬᠡᠰᠡᠭ ᠭᠠᠵᠠᠷ ᠣᠷᠣᠨ᠎ᠳᠤ ᠬᠦᠢᠲᠡᠨ ᠠᠭᠤᠷ ᠠᠮᠢᠰᠬᠤᠯ ᠪᠠ ᠴᠠᠭᠠᠨ ᠵᠤᠳ᠎ᠤᠨ ᠲᠦᠭᠰᠢᠭᠦᠷᠢ ᠶᠡᠬᠡᠳᠠᠢ; ᠤᠮᠠᠷᠠᠲᠤ᠌ ᠣᠷᠣᠨ ᠵᠢᠴᠢ ᠡᠮᠦᠨᠡᠲᠦ᠍ ᠣᠷᠣᠨ᠎ᠤ ᠬᠡᠰᠡᠭ ᠭᠠᠵᠠᠷ᠎ᠤᠨ ᠣᠢ ᠰᠢᠭᠤᠶ᠎ᠶᠢᠨ ᠭᠠᠯ᠎ᠤᠨ ᠠᠶᠤᠯ᠎ᠤᠨ ᠳᠡᠰ ᠨᠡᠯᠢᠶᠡᠳ ᠥᠨᠳᠥᠷ; ᠪᠠᠷᠠᠭᠤᠨ ᠡᠮᠦᠨᠡᠲᠦ᠍ ᠤᠷᠤᠨ᠂ ᠪᠠᠷᠠᠭᠤᠨ ᠬᠣᠶ᠋ᠢᠲᠤ᠎ᠤᠷᠤᠨ᠎ᠤ ᠬᠡᠰᠡᠭ ᠭᠠᠵᠠᠷ᠎ᠤᠨ ᠭᠠᠵᠠᠷ ᠰᠢᠨᠵᠢᠯᠡᠭᠡᠨ᠎ᠦ ᠭᠠᠢ ᠭᠠᠮᠰᠢᠭ᠎ᠤᠨ ᠠᠶᠤᠯ ᠲᠦᠭᠰᠢᠭᠦᠷᠢ ᠨᠡᠯᠢᠶᠡᠳ ᠶᠡᠬᠡ ᠪᠠᠶ᠋ᠢᠨ᠎ᠠ; ᠬᠠᠲᠤᠨ ᠭᠤᠤᠯ᠎ᠤᠨ ᠳᠡᠭᠡᠳᠦ ᠤᠷᠤᠰᠬᠠᠯ᠎ᠤᠨ ᠥᠪᠥᠷ ᠮᠣᠩᠭᠣᠯ ᠳ᠋ᠡᠬᠢ ᠬᠡᠰᠡᠭ᠎ᠲᠦ᠍ 12 ᠰᠠᠷ᠎ᠠ᠎ᠶᠢᠨ ᠳᠤᠮᠳᠠᠴᠢ᠎ᠪᠠᠷ ᠡᠬᠢᠯᠡᠨ ᠮᠦᠰᠦ ᠭᠦᠯᠳᠡᠨ᠎ᠠ᠃  ᠪᠣᠳᠠᠲᠠᠢ᠎ᠪᠠᠷ ᠬᠡᠯᠡᠪᠡᠯ ᠳᠣᠣᠷᠠᠬᠢ ᠮᠡᠲᠦ᠍᠄

ᠨᠢᠭᠡ᠎ᠳᠦ᠂ ᠳᠤᠤᠷ᠎ᠠ ᠳᠤᠯᠠᠭᠠᠨ᠂᠎ᠭᠦᠢᠳᠡᠷᠡᠭᠦ ᠪᠠ ᠴᠠᠭᠠᠨ ᠵᠤᠳ᠎ᠤᠨ ᠲᠦᠭᠰᠢᠭᠦᠷᠢ᠃ ᠵᠢᠱ᠌ᠢᠯᠲᠡ᠎ᠪᠡᠷ᠂ 12 ᠰᠠᠷ᠎ᠠ᠎ᠳᠤ ᠱᠠᠲᠤ᠌ ᠦᠶᠡᠴᠢ ᠴᠢᠨᠠᠷᠲᠠᠶ ᠬᠦᠢᠲᠡᠨ ᠠᠭᠠᠷ᠎ᠤᠨ ᠶᠠᠪᠤᠴᠠ ᠮᠠᠨ᠎ᠤ ᠤᠯᠤᠰ᠎ᠢ ᠨᠥᠯᠥᠭᠡᠯᠡᠵᠦ᠍᠂ ᠬᠦᠴᠦᠯᠡᠴᠡ ᠨᠢ ᠳᠤᠮᠳᠠ ᠵᠡᠷᠭᠡ᠎ᠡᠴᠡ ᠴᠢᠩᠭ᠎ᠠ ᠰᠢᠭ᠋ ᠪᠠᠢᠵᠤ᠂ ᠵᠡᠭᠦᠨ ᠬᠣᠶ᠋ᠢᠲᠤ᠌ ᠣᠷᠣᠨ᠎ᠤ ᠳᠤᠮᠳᠠ ᠬᠣᠶ᠋ᠢᠲᠤ᠌ ᠪᠡᠶ᠎ᠠ᠂ ᠥᠪᠥᠷ ᠮᠣᠩᠭᠣᠯ᠎ᠤᠨ ᠵᠡᠭᠦᠨ ᠪᠡᠶ᠎ᠠ᠂ ᠰᠢᠨᠵᠢᠶᠠᠩ᠎ᠤᠨ ᠬᠣᠶ᠋ᠢᠲᠤ᠌ ᠪᠡᠶ᠎ᠠ ᠵᠡᠷᠭᠡ ᠭᠠᠵᠠᠷ᠎ᠲᠤ᠌ ᠲᠣᠨᠳᠠᠰᠤ ᠠᠷᠪᠢᠨ᠂ ᠠᠭᠠᠷ᠎ᠤᠨ ᠳᠤᠯᠠᠭᠠᠨ ᠳᠤᠤᠷ᠎ᠠ᠂ ᠬᠦᠢᠲᠡᠷᠡᠬᠦ ᠪᠠ ᠴᠠᠭᠠᠨ ᠵᠤᠳ ᠡᠭᠦᠰᠬᠦ᠌ ᠲᠦᠭᠰᠢᠭᠦᠷᠢ ᠨᠡᠯᠢᠶᠡᠳ ᠶᠡᠬᠡ ᠪᠣᠯᠤᠨ᠎ᠠ᠃

ᠬᠣᠶᠠᠷ᠎ᠲᠤ᠌᠂ ᠣᠶ ᠰᠢᠭᠤᠶ ᠨᠤᠲᠤᠭ ᠪᠡᠯᠴᠢᠭᠡᠷ ᠎ᠦᠨ ᠭᠠᠯ᠎ᠤᠨ ᠠᠶᠤᠯ᠎ᠤᠨ ᠲᠦᠭᠰᠢᠭᠦᠷᠢ᠃ ᠴᠠᠭ ᠠᠭᠤᠷ ᠎ᠤᠨ ᠬᠠᠨᠳᠤᠰᠢ᠂ ᠭᠠᠯ᠎ᠤᠨ ᠠᠶᠤᠯ ᠎ᠤᠨ ᠵᠢᠮ᠎ᠡ ᠶᠣᠰᠣ ᠪᠣᠯᠤᠨ ᠭᠠᠯ᠎ᠤᠨ ᠢᠷᠡᠯᠲᠡ ᠎ᠶᠢᠨ ᠣᠨᠴᠠᠯᠢᠭ ᠵᠡᠷᠭᠡ ᠬᠦᠴᠦᠨ ᠵᠦᠢᠯ ᠎ᠢ ᠶᠡᠷᠦᠩᠬᠡᠶ᠋ᠢᠯᠡᠭᠡᠳ᠂ ᠵᠢᠱ᠌ᠢᠯᠲᠡ᠎ᠪᠡᠷ 12 ᠰᠠᠷ᠎ᠠ᠎ᠳᠤ ᠪᠡᠭᠡᠵᠢᠩ᠎ᠦᠨ ᠪᠠᠷᠠᠭᠤᠨ ᠪᠡᠶ᠎ᠠ ᠪᠣᠯᠤᠨ ᠬᠣᠶ᠋ᠢᠲᠤ᠌ ᠪᠡᠶ᠎ᠠ᠂ ᠾᠧᠪᠧᠶ᠎ᠶᠢᠨ ᠪᠠᠷᠠᠭᠤᠨ ᠪᠡᠶ᠎ᠠ ᠪᠣᠯᠤᠨ ᠬᠣᠶ᠋ᠢᠲᠤ᠌ ᠪᠡᠶ᠎ᠠ᠂ ᠱᠠᠨ ᠰᠢ᠎ᠶᠢᠨ ᠵᠡᠭᠦᠨ ᠪᠡᠶ᠎ᠠ ᠪᠣᠯᠤᠨ ᠬᠣᠶ᠋ᠢᠲᠤ᠌ ᠪᠡᠶ᠎ᠠ᠂ ᠯᠢᠶᠣᠤᠨᠢᠩ᠎ᠤᠨ ᠪᠠᠷᠠᠭᠤᠨ ᠪᠡᠶ᠎ᠠ᠂ ᠵᠧᠵᠢᠶᠠᠩ᠎ᠤᠨ ᠪᠠᠷᠠᠭᠤᠨ ᠪᠡᠶ᠎ᠠ᠂ ᠠᠨᠾᠦ᠋ᠢ᠎ᠶᠢᠨ ᠡᠮᠦᠨ᠎ᠡ ᠪᠡᠶ᠎ᠠ᠂ ᠹᠦᠵᠢᠶᠠᠨ᠎ᠤ ᠡᠮᠦᠨ᠎ᠡ ᠪᠡᠶ᠎ᠠ᠂ ᠵᠢᠶᠠᠩᠰᠢ᠎ᠶᠢᠨ ᠵᠡᠭᠦᠨ ᠪᠡᠶ᠎ᠠ ᠪᠣᠯᠤᠨ ᠡᠮᠦᠨ᠎ᠡ ᠪᠡᠶ᠎ᠠ᠂ ᠬᠤᠪᠧᠶ᠎ᠶᠢᠨ ᠡᠮᠦᠨ᠎ᠡ ᠪᠡᠶ᠎ᠠ᠂ ᠬᠤᠨᠠᠨ᠎ᠤ ᠡᠮᠦᠨ᠎ᠡ ᠪᠡᠶ᠎ᠠ᠂ ᠭᠤᠸᠠᠩᠳᠦ᠋ᠩ᠎ᠦᠨ ᠶᠡᠬᠡᠩᠬᠢ ᠭᠡᠰᠡᠭ᠂ ᠭᠤᠸᠠᠩᠰᠢ᠎ᠶᠢᠨ ᠵᠡᠭᠦᠨ ᠪᠡᠶ᠎ᠠ᠂ ᠶᠦᠨᠨᠠᠨ᠎ᠤ ᠶᠡᠬᠡᠩᠬᠢ ᠭᠡᠰᠡᠭ᠎ᠤᠨ ᠭᠠᠵᠠᠷ ᠣᠷᠣᠨ᠎ᠤ ᠣᠶ ᠰᠢᠭᠤᠶ᠎ᠶᠢᠨ ᠭᠠᠯ᠎ᠤᠨ ᠠᠶᠤᠯ᠎ᠤᠨ ᠳᠡᠰ ᠨᠢ ᠨᠡᠯᠢᠶᠡᠳ ᠥᠨᠳᠥᠷ ᠪᠣᠯᠤᠨ᠎ᠠ᠃ ᠪᠦᠬᠦ᠌ ᠤᠯᠤᠰ᠎ᠤᠨ ᠨᠤᠲᠤᠭ ᠪᠡᠯᠴᠢᠭᠡᠷ᠎ᠦᠨ ᠭᠠᠯ᠎ᠤᠨ ᠠᠶᠤᠯ᠎ᠤᠨ ᠳᠠᠭᠠᠳᠬᠠᠯ᠎ᠤᠨ ᠳᠡᠰ ᠨᠢ ᠨᠡᠯᠢᠶᠡᠳ ᠳᠣᠣᠷ᠎ᠠ ᠪᠠᠶ᠋ᠢᠨ᠎ᠠ᠃

ᠭᠤᠷᠪᠠ᠎ᠳᠤ᠂ ᠭᠠᠵᠠᠷ ᠰᠢᠨᠵᠢᠯᠡᠭᠡᠨ᠎ᠦ ᠭᠠᠢ ᠭᠠᠮᠰᠢᠭ᠎ᠤᠨ ᠠᠶᠤᠯ ᠲᠦᠭᠰᠢᠭᠦᠷᠢ᠃ ᠵᠢᠱ᠌ᠢᠯᠲᠡ᠎ᠪᠡᠷ᠂ 12 ᠰᠠᠷ᠎ᠠ᠎ᠳᠤ ᠴᠦᠩᠴᠢᠩ᠎ᠦᠨ ᠵᠡᠭᠦᠨ ᠪᠡᠶ᠎ᠠ᠂ ᠶᠦᠨᠨᠠᠨ᠎ᠤ ᠪᠠᠷᠠᠭᠤᠨ ᠬᠣᠶ᠋ᠢᠲᠤ᠌ ᠪᠡᠶ᠎ᠠ᠂ ᠲᠥᠪᠡᠳ᠎ᠦᠨ ᠵᠡᠭᠦᠨ ᠪᠡᠶ᠎ᠠ᠂ ᠭᠠᠨᠰᠦ᠎ᠶᠢᠨ ᠵᠡᠭᠦᠨ ᠪᠡᠶ᠎ᠠ᠂ ᠬᠥᠬᠡᠨᠠᠭᠤᠷ᠎ᠤᠨ ᠵᠡᠭᠦᠨ ᠪᠡᠶ᠎ᠠ ᠵᠡᠷᠭᠡ ᠬᠡᠰᠡᠭ ᠭᠠᠵᠠᠷ ᠣᠷᠣᠨ᠎ᠳᠤ ᠭᠠᠵᠠᠷ᠎ᠰᠢᠨᠵᠢᠯᠡᠭᠡᠨ᠎ᠤ ᠭᠠᠮᠰᠢᠭ ᠡᠭᠦᠰᠬᠦ᠌ ᠲᠦᠭᠰᠢᠭᠦᠷᠢ ᠨᠡᠯᠢᠶᠡᠳ ᠶᠡᠬᠡ ᠪᠠᠶ᠋ᠢᠨ᠎ᠠ᠃

ᠳᠥᠷᠪᠡ᠎ᠳᠦ᠂ ᠬᠠᠯᠢᠶ᠎ᠠ ᠦᠶᠡᠷ᠎ᠦᠨ ᠲᠦᠭᠰᠢᠭᠦᠷᠢ᠃ ᠵᠢᠱ᠌ᠢᠯᠲᠡ᠎ᠪᠡᠷ᠂ 12 ᠰᠠᠷ᠎ᠠ᠎ᠶᠢᠨ ᠡᠬᠢᠨ ᠪᠠ ᠳᠤᠮᠳᠠᠴᠢ᠎ᠪᠠᠷ᠂ ᠬᠠᠲᠤᠨ ᠭᠤᠤᠯ᠎ᠤᠨ ᠳᠡᠭᠡᠳᠦ ᠤᠷᠤᠰᠬᠠᠯ᠎ᠤᠨ ᠥᠪᠥᠷ ᠮᠣᠩᠭᠣᠯ ᠳ᠋ᠡᠬᠢ ᠭᠡᠰᠡᠭ᠎ᠲᠦ ᠠᠩᠬᠠᠨ᠎ᠤ ᠮᠦᠰᠦ ᠭᠦᠯᠳᠡᠭᠦ ᠪᠢᠳᠡᠭᠦᠮᠵᠢᠯᠡᠯ ᠢᠯᠡᠷᠡᠵᠦ᠍᠂ ᠡᠩ᠎ᠦᠨ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠣᠷᠣᠶ᠋ᠢᠲᠠᠬᠤ ᠪᠣᠯᠤᠨ᠎ᠠ ( 12 ᠰᠠᠷ᠎ᠠ᠎ᠶᠢᠨ 3᠎ᠤ ᠡᠳᠦᠷ ); ᠠᠭᠠᠷ᠎ᠤᠨ ᠳᠤᠯᠠᠭᠠᠨ᠎ᠤ ᠰᠤᠯᠢᠭᠳᠠᠯ᠎ᠤᠨ ᠨᠥᠯᠥᠭᠡ᠎ᠡᠴᠡ ᠪᠣᠯᠵᠤ᠂ ᠪᠠᠰᠠ ᠰᠦᠩ᠎ᠦᠨ ᠪᠠᠢᠳᠠᠯ ᠭᠠᠷᠴᠤ᠌ ᠮᠡᠳᠡᠨ᠎ᠡ᠃ ᠵᠢᠱ᠌ᠢᠯᠲᠡ᠎ᠪᠡᠷ 12 ᠰᠠᠷ᠎ᠠ᠎ᠶᠢᠨ ᠳᠤᠮᠳᠠᠴᠢ᠎ᠠᠴᠠ ᠡᠮᠦᠨ᠎ᠡ᠂ ᠵᠡᠭᠦᠨ ᠬᠣᠶ᠋ᠢᠲᠤ᠌ ᠣᠷᠣᠨ᠎ᠤ ᠨᠤᠨ ᠮᠥᠷᠡᠨ᠂ ᠰᠤᠩᠭᠠᠷᠢ ᠮᠥᠷᠡᠨ᠂ ᠬᠠᠷ᠎ᠠ ᠮᠥ᠋ᠷᠡᠨ᠂ ᠦᠰᠰᠤᠷᠢ ᠮᠥᠷᠡᠨ ᠵᠡᠷᠭᠡ ᠭᠤᠤᠯ ᠪᠣᠯᠬᠤ ᠭᠤᠤᠯ ᠮᠥᠷᠡᠨ ᠪᠥᠬᠥ᠌ ᠱᠤᠭᠤᠮ᠎ᠢᠶᠠᠷ ᠬᠥᠯᠳᠡᠬᠦ᠌ ᠪᠣᠯᠤᠨ᠎ᠠ᠃

ᠲᠠᠪᠤ᠎ᠳᠤ᠂ ᠲᠠᠯᠠᠢ ᠲᠠᠩᠭᠢᠰ᠎ᠤᠨ ᠭᠠᠢ ᠭᠠᠮᠰᠢᠭ᠎ᠤᠨ ᠠᠶᠤᠯ ᠲᠦᠭᠰᠢᠭᠦᠷᠢ᠃ ᠵᠢᠱ᠌ᠢᠯᠲᠡ᠎ᠪᠡᠷ᠂ 12 ᠰᠠᠷ᠎ᠠ᠎ᠳᠤ ᠮᠠᠨ᠎ᠤ ᠤᠯᠤᠰ᠎ᠤᠨ ᠲᠡᠯᠡᠶ ᠳᠠᠭᠠᠤ ᠲᠡᠯᠡᠶ᠎ᠶᠢᠨ ᠣᠷᠣᠨ᠎ᠳᠤ 4 — 5 ᠤᠳᠠᠭᠠᠨ᠎ᠤ ᠭᠠᠮᠰᠢᠭᠲᠤ᠌ ᠴᠢᠨᠠᠷᠲᠠᠶ ᠲᠡᠯᠡᠶ᠎ᠶᠢᠨ ᠳᠠᠪᠠᠯᠭᠠᠨ ᠡᠭᠦᠰᠬᠦ᠌ ᠪᠣᠯᠤᠨ᠎ᠠ᠃ ᠪᠦᠸᠧᠬᠠᠶ ᠲᠠᠩᠭᠢᠰ ᠵᠢᠴᠢ ᠰᠢᠷ᠎ᠠ ᠲᠠᠩᠭᠢᠰ᠎ᠤᠨ ᠤᠮᠠᠷᠠᠲᠤ᠌ ᠬᠡᠰᠡᠭ᠎ᠦᠨ ᠮᠥᠰᠥᠨ᠎ᠦ ᠪᠠᠶ᠋ᠢᠳᠠᠯ ᠨᠢ ᠡᠩ᠎ᠦᠨ ᠵᠢᠯ᠎ᠦᠨ ᠬᠢ᠎ᠡᠴᠡ᠎ᠪᠡᠨ ᠵᠢᠭᠠᠬᠠᠨ ᠬᠥᠩᠭᠡᠨ ᠰᠢᠭ ᠪᠠᠶ᠋ᠢᠵᠤ᠂ ᠯᠢᠶᠣᠤᠳᠦ᠋ᠩ ᠪᠤᠯᠤᠩ ᠪᠣᠯᠤᠨ ᠰᠢᠷ᠎ᠠ ᠲᠠᠩᠭᠢᠰ᠎ᠤᠨ ᠬᠤᠢᠳᠤ ᠪᠡᠶ᠎ᠠ᠎ᠳ᠋ᠤ 12 ᠰᠠᠷ᠎ᠠ᠎ᠶᠢᠨ ᠰᠢᠨᠡᠳ᠎ᠢᠶᠡᠷ ᠠᠩᠬ᠎ᠠ ᠮᠥᠰᠥ᠍ᠳᠦᠬᠦ᠌ ᠪᠣᠯᠤᠨ᠎ᠠ᠂ ᠡᠭᠦᠨ᠎ᠳᠦ ᠯᠢᠶᠣᠤᠳᠦ᠋ᠩ ᠪᠤᠯᠤᠩ᠎ᠤᠨ ᠬᠠᠮᠤᠭ᠎ᠤᠨ ᠶᠡᠬᠡ ᠬᠥᠪᠪᠥᠮᠡᠯ ᠮᠥᠰᠥᠨ᠎ᠦ ᠬᠡᠪᠴᠢᠶ᠎ᠡ ᠨᠢ 1525 ᠮᠢᠯ ᠪᠠᠶ᠋ᠢᠵᠤ᠂ ᠡᠩ᠎ᠦᠨ ᠮᠥᠰᠥ᠍ᠳᠤᠯ ᠨᠢ 5 — 10 ᠰᠠᠨᠲ᠋ᠢᠮᠧᠲ᠋ᠷ ᠵᠤᠵᠠᠭᠠᠨ᠂ ᠬᠠᠮᠤᠭ᠎ᠤᠨ ᠶᠡᠬᠡ ᠮᠥᠰᠥ᠍ ᠨᠢ 15 ᠰᠠᠨᠲ᠋ᠢᠮᠧᠲ᠋ᠷ ᠵᠤᠵᠠᠭᠠᠨ ᠪᠤᠯᠤᠨ᠎ᠠ᠃

 

ᠢᠷᠡᠯᠲᠡ᠄ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ

         ᠪᠠᠴᠢᠮ ᠪᠠᠶ᠋ᠢᠳᠠᠯ ᠎ᠢ ᠠᠷᠭᠠᠴᠠᠭᠠᠬᠤ ᠬᠠᠮᠢᠶᠠᠷᠤᠯᠲᠠ ᠵᠢᠨ ᠶᠠᠮᠤᠨ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号