ᠥᠪᠥᠷ ᠮᠣᠩᠭᠣᠯ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠌ ᠲᠤᠬᠠᠶ ᠲᠠᠨ᠎ᠤ ᠰᠠᠨᠠᠯ ᠰᠠᠨᠠᠭᠤᠯᠭ᠎ᠠ᠎ᠶᠢ ᠬᠤᠷᠢᠶᠠᠵᠦ᠍ ᠪᠠᠶ᠋ᠢᠨ᠎ᠠ
2025-12-04 10:57:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠮ ᠎ᠤᠨ ᠲᠥᠪ ᠬᠣᠷᠢᠶ᠎ᠠ ᠵᠢᠨ《ᠠᠷᠪᠠᠨ ᠳᠠᠪᠤᠳᠤᠭᠠᠷ ᠳᠠᠪᠤᠨ ᠵᠢᠯ》᠎ᠤᠨ ᠲᠥᠯᠥᠪᠵᠢᠭᠦᠯᠭᠡ ᠎ᠶᠢᠨ ᠳᠤᠬᠠᠢ ᠰᠠᠨᠠᠭᠤᠯᠭ᠎ᠠ》ᠳ᠋ᠠᠬᠢ ᠥᠭᠡᠷᠡᠴᠢᠯᠡᠯᠲᠡ᠎ᠶᠢᠨ ᠪᠠᠶ᠋ᠢᠷᠢᠯᠠᠭᠤᠯᠤᠯᠲᠠ ᠪᠣᠯᠤᠨ ᠱᠠᠭᠠᠷᠳᠠᠯᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠥᠭᠡᠷᠡᠴᠢᠯᠡᠯᠲᠡ᠎ᠶᠢᠨ ᠠᠷᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠠᠷᠪᠠᠨ ᠳᠠᠪᠤᠳᠤᠭᠠᠷ ᠳᠠᠪᠤᠨ ᠵᠢᠯ》᠎ᠤᠨ ᠲᠥᠯᠥᠪᠵᠢᠭᠦᠯᠭᠡ᠎ᠶᠢᠨ ᠳᠤᠬᠠᠢ 《ᠰᠠᠨᠠᠭᠤᠯᠭ᠎ᠠ》ᠳ᠋ᠤ ᠲᠣᠭᠲᠠᠭᠠᠭᠰᠠᠨ ᠬᠠᠷᠠᠯᠲᠠ ᠠᠷᠭ᠎ᠠ ᠬᠡᠮᠵᠢᠶ᠎ᠡ᠎ᠶᠢ ᠠᠬᠢᠭᠤᠯᠤᠨ ᠨᠠᠶ᠋ᠢᠳᠠᠪᠤᠷᠢᠵᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ᠎ᠶᠢᠨ ᠠᠯᠪᠠᠨ ᠭᠡᠷ ᠡᠳᠦᠭᠡ ᠨᠡᠶ᠋ᠢᠭᠡᠮ ᠨᠠᠢᠲᠡ᠎ᠳᠦ ᠬᠠᠨᠳᠤᠭᠤᠯᠤᠨ ᠮᠠᠨ᠎ᠤ ᠣᠷᠣᠨ᠎ᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠶ᠋ᠢᠷᠡᠭᠦᠯᠬᠦ᠌ ᠭᠤᠤᠯᠳᠠᠯᠭ᠎ᠠ᠎ᠲᠠᠶ ᠵᠦᠢᠯᠡᠰ᠎ᠦᠨ ᠲᠤᠬᠠᠶ ᠰᠠᠨᠠᠯ ᠰᠠᠨᠠᠭᠤᠯᠭ᠎ᠠ᠎ᠶᠢ ᠢᠯᠡ᠎ᠪᠡᠷ ᠬᠤᠷᠢᠶᠠᠬᠤ᠎ᠪᠠᠷ ᠪᠠᠶ᠋ᠢᠨ᠎ᠠ᠃ ᠨᠡᠶ᠋ᠢᠭᠡᠮ᠎ᠦᠨ ᠡᠯ᠎ᠡ ᠡᠲᠡᠭᠡᠳ᠎ᠦᠨ ᠢᠳᠡᠪᠬᠢᠲᠡᠢ ᠣᠷᠣᠯᠴᠠᠵᠤ ᠠᠷᠭ᠎ᠠ ᠤᠬᠠᠭᠠᠨ ᠭᠠᠷᠭᠠᠬᠤ᠎ᠶᠢ ᠴᠢᠩ ᠰᠡᠳᠬᠢᠯ᠎ᠡᠴᠡ᠎ᠪᠡᠨ ᠤᠷᠢᠵᠤ ᠪᠠᠶ᠋ᠢᠨ᠎ᠠ᠃ ᠡᠯᠰᠡᠬᠦ᠌ ᠴᠠᠭ ᠨᠢ 2025 ᠣᠨ᠎ᠤ 12 ᠰᠠᠷ᠎ᠠ᠎ᠶᠢᠨ 20᠎ᠤ ᠡᠳᠦᠷ᠎ᠦᠨ 20 ᠴᠠᠭ ᠪᠣᠯᠲᠠᠯ᠎ᠠ ᠶᠠᠪᠤᠭᠳᠠᠨ᠎ᠠ᠃

 

ᠰᠠᠨᠠᠯ ᠰᠠᠨᠠᠭᠤᠯᠭ᠎ᠠ ᠬᠤᠷᠢᠶᠠᠬᠤ ᠬᠦᠷᠢᠶ᠎ᠡ ᠴᠠᠷᠠᠭ᠎ᠠ

1.《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠤᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ》 ᠵᠢᠨ ᠲᠣᠭᠣᠷᠢᠨ ᠎ᠳᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠢ ᠵᠦᠢᠯᠡᠰ;

2.《ᠠᠮᠢ ᠠᠬᠤᠶ ᠎ᠶᠢ ᠤᠷᠢᠳ ᠵᠢᠠᠷ ᠪᠤᠳᠤᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ》 ᠵᠢᠨ ᠲᠣᠭᠣᠷᠢᠨ ᠎ᠳᠤ ᠥᠭᠡᠷᠡᠴᠢᠯᠡᠯᠲᠡ ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

3.《ᠤᠯᠤᠰ᠎ᠤᠨ ᠠᠮᠤᠷ ᠲᠦᠪᠰᠢᠨ᠎ᠦ ᠰᠢᠰᠲ᠋ᠧᠮ ᠪᠠ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠡᠬᠡ ᠤᠯᠤᠰ᠎ᠤᠨ ᠤᠮᠠᠷᠠᠲᠤ᠌ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ᠌ ᠴᠣᠭᠴᠠᠯᠠᠬᠤ》ᠵᠢᠨ ᠲᠣᠭᠣᠷᠢᠨ  ᠳ᠋ᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

4.《ᠣᠳᠣ ᠦᠶ᠎ᠡ᠎ᠶᠢᠨ ᠡᠨᠧᠷᠭᠢ᠎ᠶᠢᠨ ᠠᠵᠤ ᠠᠬᠤᠶ᠎ᠶᠢ ᠶᠡᠬᠡ ᠪᠡᠷ ᠬᠥᠭᠵᠢᠭᠦᠯᠵᠦ᠍᠂ ᠤᠯᠤᠰ᠎ᠤᠨ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ》ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

5.《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠎ᠶᠢ ᠲᠦᠷᠭᠡᠳᠬᠡᠵᠦ᠍᠂ ᠤᠯᠤᠰ ᠎ᠤᠨ ᠴᠢᠬᠤᠯᠠ ᠪᠦᠬᠦᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ》ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

6.《ᠳᠣᠲᠣᠭᠠᠳᠤ ᠭᠠᠳᠠᠭᠠᠳᠤ ᠨᠡᠭᠡᠭᠡᠯᠲᠡ᠎ᠶᠢ ᠪᠥᠬᠥ᠌ ᠲᠠᠯ᠎ᠠ᠎ᠪᠠᠷ ᠥᠷᠭᠡᠳᠬᠡᠵᠦ᠍᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢ ᠪᠣᠶ ᠪᠣᠯᠭᠠᠬᠤ》 ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

7.《ᠥᠪᠥᠷ ᠮᠣᠩᠭᠣᠯ᠎ᠤᠨ ᠣᠨᠴᠠᠯᠢᠭᠲᠤ᠌ ᠳᠠᠪᠠᠭᠤᠯᠢᠭ᠎ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠵᠤ᠂ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠰᠠᠭᠤᠷᠢ᠎ᠶᠢ ᠪᠡᠬᠢᠵᠢᠭᠦᠯᠦᠨ ᠪᠤᠵᠠᠭᠠᠶ᠋ᠢᠷᠠᠭᠤᠯᠬᠤ》 ᠵᠢᠨ ᠳᠤᠭᠤᠷᠢᠨ᠎ᠳᠦ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

8.《ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌᠎ᠶᠢ ᠲᠦᠷᠭᠡᠳᠬᠡᠵᠦ᠍᠂ ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠎ᠢ ᠬᠥᠭᠵᠢᠭᠦᠯᠬᠦ᠌》 ᠵᠢᠨ ᠳᠤᠭᠤᠷᠢᠨ ᠎ᠳᠦ ᠥᠭᠡᠷᠡᠴᠢᠯᠡᠯᠲᠡ ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

9.《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠭᠦᠨᠵᠡᠭᠡᠶ ᠵᠣᠯᠭᠠᠭᠤᠯᠵᠤ᠂ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠨᠠᠩ ᠰᠠᠶ᠋ᠢᠲᠤᠷ ᠠᠭᠤᠰᠤᠯᠴᠠᠬᠤ ᠪᠠ ᠦᠢᠯᠡᠴᠢᠯᠡᠬᠦ᠌》 ᠵᠢᠨ ᠳᠤᠭᠤᠷᠢᠨ ᠎ᠳᠦ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

10.《ᠥᠨᠳᠥᠷ ᠲᠦᠪᠰᠢᠨ ᠪᠥᠬᠥᠶ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶᠢᠨ ᠪᠠᠶ᠋ᠢᠭᠤᠯᠤᠯ᠎ᠢ ᠪᠠᠶ᠋ᠢᠭᠤᠯᠵᠤ᠂ ᠴᠢᠨᠠᠷ ᠰᠠᠶ᠋ᠢᠲᠠᠶ ᠬᠥᠭᠵᠢᠯᠲᠡ᠎ᠶᠢᠨ ᠬᠥᠳᠡᠯᠭᠡᠬᠦ᠌ ᠬᠦᠴᠦᠨ᠎ᠢ ᠴᠢᠩᠭᠠᠳᠬᠠᠬᠤ》 ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

11.《ᠣᠷᠣᠨ ᠪᠦᠰᠡ ᠎ᠶᠢᠨ ᠠᠵᠤ ᠠᠬᠤᠶ ᠎ᠶᠢᠨ ᠪᠠᠶ᠋ᠢᠷᠢᠰᠢᠯ ᠎ᠢ ᠰᠢᠯᠢᠳᠡᠭᠵᠢᠭᠦᠯᠵᠦ᠍᠂ ᠣᠷᠣᠨ ᠪᠦᠰᠡ᠎ᠶᠢᠨ ᠵᠣᠬᠢᠴᠠᠩᠭᠤᠶ ᠬᠥᠭᠵᠢᠯᠲᠡ᠎ᠶᠢ ᠠᠬᠢᠭᠤᠯᠬᠤ》 ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

12.《ᠨᠡᠶ᠋ᠢᠭᠡᠮ ᠵᠢᠷᠤᠮ᠎ᠤᠨ ᠰᠣᠶᠣᠯ ᠎ᠢ ᠴᠡᠴᠡᠭᠯᠡᠭᠦᠯᠦᠨ ᠬᠥᠭᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠶ᠋ᠢᠭᠤᠯᠬᠤ》ᠵᠢᠨ ᠳᠤᠭᠤᠷᠢᠨ᠎ᠳᠦ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠶ ᠵᠦᠢᠯᠡᠰ;

13.《ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ᠎ᠢᠶᠠᠷ ᠠᠬᠢᠭᠤᠯᠬᠤ》ᠵᠢᠨ ᠳᠤᠭᠤᠷᠢᠨ᠎ᠳᠦ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠢ ᠵᠦᠢᠯᠡᠰ;

14.《ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶᠢ ᠪᠡᠶᠡᠯᠡᠭᠦᠯᠬᠦ᠌᠎ᠳᠦ ᠪᠠᠲᠤ᠌ ᠴᠢᠩᠭ᠎ᠠ ᠪᠠᠲᠤᠯᠠᠭ᠎ᠠ ᠬᠠᠩᠭᠠᠬᠤ》ᠵᠢᠨ ᠳᠤᠭᠤᠷᠢᠨ᠎ᠳᠦ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠣᠳᠠᠲᠠᠢ ᠵᠦᠢᠯᠡᠰ;

15 . ᠪᠤᠰᠤᠳ ᠵᠦᠢᠯ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠥᠭᠡᠷᠡᠴᠢᠯᠡᠯᠲᠡ᠎ᠶᠢᠨ ᠠᠯᠪᠠᠨ ᠬᠡᠷ᠎ᠡᠴᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠲᠠᠨ᠎ᠤ ᠡᠷᠬᠢᠮ ᠨᠠᠨᠳᠢᠨ ᠰᠠᠨᠠᠯ᠎ᠢ ᠬᠢᠨᠠᠮᠠᠭᠠᠶ ᠰᠤᠳᠤᠯᠵᠤ᠂ ᠠᠵᠢᠯ᠎ᠤᠨ ᠲᠣᠬᠢᠷᠠᠭᠤᠯᠤᠯᠲᠠ ᠪᠠ ᠠᠬᠢᠭᠤᠯᠤᠨ ᠨᠠᠶ᠋ᠢᠳᠠᠪᠤᠷᠢᠵᠢᠭᠤᠯᠬᠤ ᠳᠤᠮᠳᠠ ᠭᠦᠢᠴᠡᠳ ᠢᠯᠡᠷᠡᠭᠦᠯᠦᠨ᠎ᠡ᠃ ᠥᠭᠡᠷᠡᠴᠢᠯᠡᠯᠲᠡ᠎ᠶᠢᠨ ᠦᠢᠯᠡᠰ᠎ᠢ ᠬᠠᠯᠠᠮᠵᠢᠯᠠᠨ ᠳᠡᠮᠵᠢᠭᠰᠡᠨ᠎ᠳᠦ ᠲᠠᠨᠢ ᠪᠠᠶᠠᠷᠯᠠᠯ᠎ᠠ!

 

ᠢᠷᠡᠯᠳᠠ᠄   ᠲᠠᠯ᠎ᠠ ᠨᠤᠲᠤᠭ᠎ᠤᠨ ᠡᠭᠦᠯᠡ ᠰᠢᠯᠵᠢᠶ᠎ᠡ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号