ᠦᠪᠦᠷ ᠮᠤᠩᠭᠤᠯ ᠬᠠᠤᠯᠢ ᠳᠤᠭᠲᠠᠭᠠᠨ ᠠᠷᠠᠳ ᠎ᠤᠨ ᠡᠵᠡᠩᠨᠡᠯᠲᠡ ᠎ᠶᠢᠨ ᠠᠵᠤ ᠠᠬᠤᠶ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠦ ᠪᠠᠢᠨ᠎ᠠ
2025-12-04 11:00:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠬᠣᠷᠢᠨ ᠭᠤᠷᠪᠠᠳᠤᠭᠠᠷ ᠬᠤᠷᠠᠯ᠎ᠠᠴᠠ ᠣᠶ᠋ᠢᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠬᠥᠭᠵᠢᠯᠲᠡ᠎ᠶᠢ ᠠᠬᠢᠭᠤᠯᠬᠤ ᠲᠦᠷᠢᠮ》 ᠎ᠢ ᠪᠠᠲᠤᠯᠠᠵᠤ᠂ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

ᠲᠤᠰ ᠲᠦᠷᠢᠮ᠎ᠳᠦ᠂ ᠬᠣᠰᠢᠭᠤ ᠰᠢᠶᠠᠨ ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠬᠥᠭᠵᠢᠯᠲᠡ᠎ᠶᠢ ᠠᠬᠢᠭᠤᠯᠬᠤ ᠠᠵᠢᠯ᠎ᠢ ᠤᠯᠤᠰ ᠠᠷᠠᠳ ᠎ᠤᠨ ᠠᠵᠤ ᠠᠬᠤᠶ ᠪᠠ ᠨᠡᠶ᠋ᠢᠭᠡᠮ᠎ᠦᠨ ᠬᠥᠭᠵᠢᠯᠲᠡ᠎ᠶᠢᠨ ᠲᠥᠯᠥᠪᠵᠢᠭᠦᠯᠭᠡ ᠵᠢᠴᠢ ᠣᠨ ᠎ᠤ ᠲᠥᠯᠥᠪᠯᠡᠭᠡ᠎ᠳᠡᠭᠡᠨ ᠣᠷᠣᠭᠤᠯᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ ᠎ᠶᠢᠨ ᠬᠥᠭᠵᠢᠯᠲᠡ᠎ᠶᠢ ᠠᠬᠢᠭᠤᠯᠬᠤ ᠠᠵᠢᠯ᠎ᠤᠨ ᠵᠣᠬᠢᠴᠠᠭᠤᠯᠤᠨ ᠦᠢᠯᠡᠴᠢᠯᠡᠬᠦ᠌ ᠲᠣᠭᠲᠠᠴᠠ᠎ᠶᠢ ᠪᠠᠶ᠋ᠢᠭᠤᠯᠵᠤ᠂ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠭᠲᠠᠭᠠᠨ ᠲᠡᠭᠦᠯᠳᠡᠷᠵᠢᠭᠦᠯᠵᠦ᠍᠂ ᠠᠷᠠᠳ ᠎ᠤᠨ ᠡᠵᠡᠩᠨᠡᠯᠲᠡ ᠎ᠶᠢᠨ ᠠᠵᠤ ᠠᠬᠤᠶ᠎ᠶᠢᠨ ᠬᠥᠭᠵᠢᠯᠲᠡ᠎ᠶᠢᠨ ᠳᠤᠮᠳᠠᠬᠢ ᠴᠢᠬᠤᠯᠠ ᠶᠡᠬᠡ ᠠᠰᠠᠭᠤᠳᠠᠯ ᠎ᠢ ᠵᠣᠬᠢᠴᠠᠭᠤᠯᠤᠨ ᠰᠢᠢᠳᠪᠦᠷᠢᠯᠡᠬᠦ᠌ ᠬᠡᠷᠡᠭᠲᠡᠶ᠃ ᠡᠯ᠎ᠡ ᠱᠠᠲᠤᠨ᠎ᠤ ᠠᠷᠠᠳ ᠎ᠤᠨ ᠵᠠᠰᠠᠭ᠎ᠤᠨ ᠣᠷᠳᠣᠨ ᠵᠠᠰᠠᠭ ᠎ᠤᠨ ᠣᠷᠳᠣᠨ ᠪᠠ ᠬᠤᠳᠠᠯᠳᠤᠭᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠎ᠶᠢ ᠪᠠᠶ᠋ᠢᠭᠤᠯᠵᠤ᠂ ᠵᠠᠰᠠᠭ ᠠᠵᠤ ᠠᠬᠤᠶ᠋ᠢᠯᠠᠯ᠎ᠤᠨ ᠨᠡᠪᠲᠡᠷᠡᠯᠴᠡᠭᠡ ᠵᠣᠬᠢᠴᠠᠭᠤᠯᠭ᠎ᠠ᠎ᠶᠢ ᠪᠠᠶ᠋ᠢᠩᠭᠤᠵᠢᠭᠤᠯᠬᠤ᠂ ᠳᠦᠷᠢᠮᠵᠢᠭᠦᠯᠬᠦ᠌᠂ ᠵᠢᠷᠤᠮᠵᠢᠭᠤᠯᠬᠤ᠎ᠶᠢ ᠠᠬᠢᠭᠤᠯᠬᠤ ᠬᠡᠷᠡᠭᠲᠡᠢ ᠭᠡᠵᠦ ᠳᠤᠳᠤᠷᠬᠠᠢᠯᠠᠪᠠ᠃

ᠭᠤᠤᠯᠴᠢ ᠥᠷᠢᠰᠥᠯᠳᠦᠭᠡᠨ ᠎ᠦ ᠲᠠᠯ᠎ᠠ ᠎ᠪᠠᠷ᠂ ᠲᠦᠷᠢᠮ᠎ᠳᠦ᠂ ᠤᠯᠤᠰ᠎ᠠᠴᠠ ᠲᠣᠭᠲᠠᠭᠠᠭᠰᠠᠨ ᠵᠠᠬ᠎ᠠ ᠳᠡᠯᠭᠡᠭᠦᠷ᠎ᠲᠦ᠍ ᠣᠷᠣᠬᠤ᠎ᠶᠢ ᠵᠥᠪᠰᠢᠶᠡᠷᠡᠬᠦ᠌ ᠨᠠᠵᠠᠭᠠᠶ ᠲᠠᠯ᠎ᠠ᠎ᠶᠢᠨ ᠨᠠᠷᠢᠨ ᠳᠠᠩᠰᠠ᠎ᠠᠴᠠ ᠭᠠᠳᠠᠨᠠᠬᠢ ᠬᠦᠷᠢᠶᠡᠨ᠎ᠳᠦ᠂ ᠠᠷᠠᠳ᠎ᠤᠨ ᠡᠵᠡᠡᠭᠨᠡᠯᠳᠠ ᠵᠢᠨ ᠠᠵᠤ ᠠᠬᠤᠶ᠎ᠶᠢᠨ ᠵᠣᠬᠢᠶᠠᠨ ᠪᠠᠶ᠋ᠢᠭᠤᠯᠤᠯᠲᠠ᠎ᠶᠢ ᠪᠠᠭᠲᠠᠭᠠᠭᠰᠠᠨ ᠡᠯ᠎ᠡ ᠲᠥᠷᠥᠯ᠎ᠦᠨ ᠠᠵᠤ ᠠᠬᠤᠶ᠎ᠶᠢᠨ ᠵᠣᠬᠢᠶᠠᠨ ᠪᠠᠶ᠋ᠢᠭᠤᠯᠤᠯᠲᠠ ᠬᠠᠤᠯᠢ ᠶᠣᠰᠣᠭᠠᠷ ᠡᠷᠬᠡ ᠲᠡᠭᠰᠢ᠎ᠪᠡᠷ ᠣᠷᠣᠵᠤ ᠪᠣᠯᠤᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠬᠣᠯᠪᠣᠭᠳᠠᠯ ᠪᠦᠬᠦᠢ ᠰᠠᠯᠠᠭ᠎ᠠ ᠮᠥᠴᠢᠷ ᠵᠠᠬ᠎ᠠ ᠳᠡᠯᠭᠡᠭᠦᠷ᠎ᠲᠦ᠍ ᠣᠷᠣᠬᠤ ᠎ᠶᠢ ᠵᠥᠪᠰᠢᠶᠡᠷᠡᠬᠦ᠌ ᠰᠢᠨᠵᠢ ᠴᠢᠨᠠᠷ᠎ᠤᠨ ᠨᠠᠵᠠᠭᠠᠢ ᠲᠠᠯ᠎ᠠ᠎ᠶᠢᠨ ᠨᠠᠷᠢᠨ ᠳᠠᠩᠰᠠ᠎ᠶᠢ ᠠᠰ᠎ᠲᠤᠨᠢ ᠲᠣᠭᠲᠠᠭᠠᠵᠤ ᠪᠣᠯᠬᠤ ᠦᠭᠡᠢ ᠭᠡᠵᠦ ᠳᠤᠭᠳᠠᠭᠠᠵᠠᠢ᠃

ᠡᠭᠦᠨ᠎ᠡᠴᠡ ᠭᠠᠳᠠᠨ᠎ᠠ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠲᠠᠯ᠎ᠠ᠎ᠪᠠᠷ᠂ ᠲᠦᠷᠢᠮ᠎ᠳᠦ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠵᠣᠬᠢᠶᠠᠨ ᠪᠠᠶ᠋ᠢᠭᠤᠯᠤᠯᠲᠠ᠎ᠶᠢᠨ ᠪᠠᠶ᠋ᠢᠯᠳᠤᠬᠤ ᠪᠣᠳᠣᠯᠭ᠎ᠠ᠎ᠶᠢᠨ ᠴᠢᠨᠠᠷᠲᠠᠶ ᠰᠢᠨ᠎ᠡ᠎ᠪᠡᠷ ᠮᠠᠨᠳᠤᠭᠰᠠᠨ ᠠᠵᠤ ᠦᠢᠯᠡᠰ᠂ ᠢᠷᠡᠭᠡᠳᠦᠶ ᠎ᠶᠢᠨ ᠠᠵᠤ ᠦᠢᠯᠡᠰ ᠵᠡᠷᠭᠡ ᠬᠦᠷᠢᠶᠡᠨ᠎ᠳᠦ ᠪᠠᠯᠠ ᠣᠷᠣᠭᠤᠯᠬᠤ ᠪᠠ ᠦᠢᠯᠡᠰ ᠪᠤᠰᠬᠠᠬᠤ ᠎ᠶᠢ ᠳᠡᠮᠵᠢᠵᠦ᠍᠂ ᠡᠭᠦᠳᠤᠯᠳᠠ ᠵᠢᠨ ᠠᠡᠭᠬᠠᠨ ᠎ᠤ ᠬᠤᠭᠤᠴᠠᠭ᠎ᠠ᠂ ᠥᠨᠳᠥᠷ ᠪᠣᠶ᠋ᠢᠵᠢᠯᠲᠠ᠎ᠶᠢᠨ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠂ ᠰᠢᠨ᠎ᠡ ᠬᠡᠪ ᠵᠠᠭᠪᠤᠷ᠎ᠪᠦᠬᠦᠢ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠵᠣᠬᠢᠶᠠᠨ ᠪᠠᠶ᠋ᠢᠭᠤᠯᠤᠯᠲᠠ᠎ᠶᠢᠨ ᠬᠥᠭᠵᠢᠯᠲᠡ᠎ᠶᠢ ᠭᠤᠤᠯᠳᠠᠯᠭ᠎ᠠ᠎ᠲᠠᠶ ᠳᠡᠮᠵᠢᠬᠦ᠌᠎ᠶᠢᠨ ᠬᠠᠮᠲᠤ᠌ ᠲᠡᠳᠠᠨ᠎ᠳᠦ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠂ ᠦᠢᠯᠡᠰ ᠪᠤᠰᠬᠠᠬᠤ ᠦᠢᠯᠡᠴᠢᠯᠡᠭᠡ᠂ ᠬᠠᠮᠢᠶᠠᠷᠤᠯᠲᠠ᠎ᠶᠢᠨ ᠵᠥᠪᠯᠡᠯᠭᠡ᠂ ᠲᠦᠭᠰᠢᠭᠦᠷᠢ᠎ᠶᠢ ᠰᠡᠷᠭᠡᠶ᠋ᠢᠯᠡᠬᠦ᠌ ᠵᠡᠷᠭᠡ ᠲᠠᠯ᠎ᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃

《ᠰᠢᠨ᠎ᠡ᠎ᠶᠢ ᠡᠭᠦᠳᠬᠦ᠌᠎ᠶᠢ ᠤᠷᠮᠠᠰᠢᠭᠤᠯᠬᠤ ᠲᠣᠭᠲᠠᠴᠠ᠎ᠶᠢ ᠲᠡᠭᠦᠯᠳᠡᠷᠵᠢᠭᠦᠯᠬᠦ᠌ ᠲᠠᠯ᠎ᠠ᠎ᠪᠠᠷ᠂ ᠲᠦᠷᠢᠮ ᠨᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠵᠣᠬᠢᠶᠠᠨ ᠪᠠᠶ᠋ᠢᠭᠤᠯᠤᠯᠲᠠ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠰᠢᠨ᠎ᠡ᠎ᠶᠢ ᠡᠭᠦᠳᠬᠦ᠌᠎ᠶᠢ ᠠᠬᠢᠭᠤᠯᠬᠤ᠂ ᠰᠢᠨ᠎ᠡ ᠴᠢᠨᠠᠷ ᠎ᠤᠨ ᠦᠢᠯᠡᠳᠪᠦᠷᠢᠯᠡᠯ ᠎ᠦᠨ ᠬᠦᠴᠦᠨ ᠎ᠢ ᠪᠣᠶ᠋ᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ ᠎ᠦᠨ ᠰᠢᠰᠲ᠋ᠧᠮ᠎ᠢ ᠪᠠᠶ᠋ᠢᠭᠤᠯᠬᠤ᠎ᠳᠤ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠬᠤ᠎ᠶᠢ ᠵᠣᠷᠢᠭᠵᠢᠭᠤᠯᠤᠨ ᠲᠡᠮᠵᠢᠨ᠎ᠠ᠃ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠵᠣᠬᠢᠶᠠᠨ ᠪᠠᠶ᠋ᠢᠭᠤᠯᠤᠯᠲᠠ᠎ᠶᠢᠨ ᠬᠠᠤᠯᠢ ᠶᠣᠰᠣᠭᠠᠷ ᠲᠣᠭᠠᠴᠢᠯᠠᠭᠰᠠᠨ᠂ ᠤᠶᠤᠨᠴᠢᠯᠠᠬᠰᠠᠨ ᠨᠡᠶ᠋ᠢᠲᠡᠯᠢᠭ ᠴᠢᠨᠠᠷᠲᠠᠢ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠳ᠋ᠠᠶ᠋ᠢᠲ᠋ᠠ᠎ᠶᠢᠨ ᠡᠯᠧᠮᠧᠨ᠋ᠲ᠎ᠦᠨ ᠵᠠᠬ᠎ᠠ ᠳᠡᠯᠭᠡᠭᠦᠷ᠎ᠦᠨ ᠪᠠᠶ᠋ᠢᠭᠤᠯᠤᠯᠲᠠ ᠵᠡᠷᠭᠡ ᠲᠠᠯ᠎ᠠ᠎ᠳᠤ ᠣᠷᠣᠯᠴᠠᠵᠤ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠵᠣᠬᠢᠶᠠᠨ ᠪᠠᠶ᠋ᠢᠭᠤᠯᠤᠯᠲᠠ᠎ᠶᠢᠨ ᠰᠢᠨ᠎ᠡ᠎ᠶᠢ ᠡᠭᠦᠳᠬᠦ᠌ ᠦᠢᠯᠡᠰ ᠪᠤᠰᠬᠠᠬᠤ᠎ᠳᠤ ᠳᠡᠮᠵᠢᠯᠭᠡ ᠦᠵᠡᠭᠦᠯᠦᠨ᠎ᠡ》 ᠭᠡᠵᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ ᠎ᠦᠨ ᠳᠡᠳ᠋ ᠡᠷᠬᠢᠯᠡᠭᠴᠢ ᠭᠡᠰᠢᠭᠦᠨ ᠵᠧᠩ ᠵᠢᠨ ᠴᠦᠨ ᠲᠠᠨᠢᠯᠴᠠᠭᠤᠯᠪᠠ᠃

 

ᠢᠷᠡᠯᠲᠡ ᠄  ᠰᠢᠨᠬᠤᠸᠠ ᠰᠦᠯᠵᠢᠶ᠎ᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号