2025 ᠣᠨ᠎ᠤ ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ᠄ ᠵᠡᠮᠳᠡᠭ᠌ᠴᠦᠳ᠎ᠦᠨ ᠪᠠᠭ᠍ᠲᠠᠭᠠᠮᠵᠢᠲᠤ ᠨᠡᠢᠭᠡᠮ᠎ᠢ ᠴᠤᠬᠴᠠᠯᠠᠵᠦ ᠨᠡᠢᠭᠡᠮ ᠎ᠦᠨ ᠳᠠᠪᠱᠢᠯᠲᠠ ᠎ᠶ᠋ᠢ ᠠᠬᠢᠭᠤᠯᠤᠨ᠎ᠠ
2025-12-04 11:11:43
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

1992 ᠣᠨ᠎ᠳᠤ 47 ᠳ᠋ᠤᠭᠠᠷ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠬᠡ ᠬᠤᠷᠠᠯ ᠠᠩᠬ᠎ᠠ ᠤᠳᠠᠭ᠎ᠠ ᠵᠡᠮᠳᠡᠭ᠌ᠴᠦᠳ᠎ᠦᠨ ᠠᠰᠠᠭᠤᠳᠠᠯ᠎ᠤᠨ ᠲᠤᠬᠠᠢ ᠣᠨᠴᠠᠭᠠᠢ ᠬᠤᠷᠠᠯ ᠬᠤᠷᠠᠯᠳᠤᠭᠤᠯᠵᠤ᠂ ᠵᠢᠯ ᠪᠦᠷᠢ᠎ᠶ᠋ᠢᠨ 12 ᠰᠠᠷ᠎ᠠ᠎ᠶ᠋ᠢᠨ 3 ᠤ᠋ ᠡᠳᠦᠷ ᠎ᠢ《ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ》 ᠵᠢᠡᠷ ᠲᠣᠭ᠍ᠲᠠᠭᠠᠪᠠ᠃

2025 ᠣᠨ᠎ᠤ 12 ᠰᠠᠷ᠎ᠠ ᠎ᠶ᠋ᠢᠨ 3 ᠤ᠋ ᠡᠳᠦᠷ ᠪᠣᠯ 34 ᠳ᠋ᠡᠬᠢ《ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ》 ᠪᠣᠯᠤᠨ᠎ᠠ᠃ ᠡᠨᠡ ᠵᠢᠯ᠎ᠦᠨ 《ᠤᠯᠠᠨ  ᠤᠯᠤᠰ᠎ᠤᠨ ᠵᠡᠮᠳᠡᠭ᠌ᠴᠦᠳ᠎ᠦᠨ ᠡᠳᠦᠷ》ᠤ᠋ᠨ ᠭᠤᠤᠯ ᠰᠡᠳᠦᠪ ᠨᠢ《ᠵᠡᠮᠳᠡᠭ᠌ᠴᠦᠳ᠎ᠦᠨ  ᠪᠠᠭ᠍ᠲᠠᠭᠠᠮᠵᠢᠲᠤ ᠨᠡᠢᠭᠡᠮ᠎ᠢ ᠴᠤᠬᠴᠠᠯᠠᠵᠦ᠂ ᠨᠡᠢᠭᠡᠮ᠎ᠦᠨ ᠳᠠᠪᠱᠢᠯᠲᠠ᠎ᠶ᠋ᠢ ᠠᠬᠢᠭᠤᠯᠬᠤ》 ᠪᠤᠯᠤᠨ᠎ᠠ᠃


QQ20251204-111321.png


ᠣᠢᠯᠠᠭᠠᠭ᠍ᠰᠠᠨ᠎ᠢᠶᠠᠷ᠂ ᠡᠨᠡ ᠵᠢᠯ ᠲᠤᠰ ᠭᠤᠤᠯ ᠰᠡᠳᠦᠪ ᠎ᠢ ᠲᠣᠭ᠍ᠲᠠᠭᠠᠭ᠍ᠰᠠᠨ ᠨᠢ ᠪᠥᠬᠥ᠌ ᠳᠡᠯᠡᠬᠡᠶ᠎ᠶ᠋ᠢᠨ ᠡᠯ᠎ᠡ ᠭᠠᠵᠠᠷ᠎ᠤᠨ ᠵᠡᠮᠳᠡᠭ᠌ᠴᠦᠳ ᠵᠢᠴᠢ ᠲᠡᠳᠡᠨ᠎ᠦ ᠬᠡᠷ ᠪᠦᠯᠢ᠎ᠳᠤ ᠮᠦᠨ᠎ᠬᠦ ᠠᠯᠢ ᠤᠯᠠᠨ ᠥᠷᠢᠰᠥᠯᠳᠦᠭᠡᠨ ᠪᠠ ᠬᠦᠴᠢᠷ ᠲᠦᠪᠡᠭ ᠲᠤᠯᠭᠠᠷᠠᠵᠤ ᠪᠠᠢᠬᠤ᠎ᠠᠴᠠ ᠪᠣᠯᠤᠭ᠍ᠰᠠᠨ ᠶᠤᠮ᠃ ᠡᠬᠦᠨ᠎ᠳᠤ᠂ ᠵᠡᠮᠳᠡᠭ᠌ᠴᠦᠳ ᠨᠠᠩ ᠠᠮᠠᠷᠬᠠᠨ ᠶᠠᠳᠠᠭᠤ ᠬᠦᠴᠢᠷᠳᠡᠯ᠎ᠳᠦ ᠣᠷᠣᠬᠤ᠂ ᠵᠡᠮᠳᠡᠭ᠌ᠴᠦᠳ ᠠᠵᠢᠯ ᠣᠯᠭᠣᠯᠲᠠ᠎ᠶ᠋ᠢᠨ ᠬᠦᠷᠢᠶ᠎ᠠ ᠴᠠᠷᠠᠭᠠᠨ᠎ᠳᠦ ᠠᠮᠠᠷᠬᠠᠨ ᠭᠠᠳᠠᠭᠤᠷᠴᠢᠯᠠᠭ᠍ᠳᠠᠵᠤ ᠨᠠᠩ ᠳᠤᠤᠷ᠎ᠠ ᠴᠠᠯᠢᠩ ᠣᠯᠬᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠎ᠤᠨ ᠪᠦᠷᠬᠦᠴᠡ ᠲᠡᠩᠴᠡᠭᠦᠷᠢ ᠥᠬᠡᠶ᠂ ᠬᠠᠷᠠᠭᠠᠯᠵᠠᠨ ᠠᠰᠠᠷᠠᠬᠤ ᠪᠠ ᠳᠡᠮᠵᠢᠯᠭᠡ ᠦᠵᠡᠬᠦᠯᠬᠦ ᠱᠢᠰᠲᠧᠮ᠎ᠳᠦ ᠵᠡᠮᠳᠡᠭ᠌ᠴᠦᠳ᠎ᠲᠤ ᠡᠵᠡᠨ ᠮᠡᠳᠡᠬᠦ᠌ ᠡᠷᠬᠡ ᠪᠣᠯᠤᠨ ᠡᠵᠡᠨ ᠮᠡᠳᠡᠬᠦ᠌ ᠴᠢᠳᠠᠪᠤᠷᠢ ᠳᠤᠲᠠᠭ᠍ᠳᠠᠬᠤ ᠵᠡᠷᠭᠡ ᠠᠰᠠᠭᠤᠳᠠᠯ ᠦᠷᠭᠦᠯᠵᠢ ᠳᠠᠭᠠᠯᠳᠤᠵᠤ ᠪᠤᠶ᠃

《ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ》 ᠢ᠋ ᠲᠤᠬᠲᠠᠭᠠᠬᠰᠠᠨ ᠡᠴᠡ ᠨᠠᠭᠠᠰᠢ᠂ ᠵᠢᠯ ᠪᠦᠷᠢ᠎ᠶ᠋ᠢᠨ《ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ》 ᠲᠦ᠍ ᠪᠦᠷ ᠲᠣᠳᠣᠷᠬᠠᠢ ᠭᠣᠣᠯ ᠰᠡᠳᠦᠪ᠎ᠲᠡᠶ ᠪᠠᠢᠵᠦ᠂ 《ᠬᠠᠷᠰᠢ ᠰᠠᠭᠠᠳ ᠎ᠢ ᠠᠷᠢᠯᠭᠠᠵᠤ᠂ ᠡᠭᠦᠳᠡ᠎ᠪᠡᠨ ᠨᠡᠭᠡᠭᠡᠬᠦ᠌》 ᠡᠴᠡ 《ᠪᠠᠭ᠍ᠲᠠᠭᠠᠮᠵᠢᠲᠤ ᠬᠥᠭ᠌ᠵᠢᠯᠲᠡ᠄ ᠵᠡᠮᠳᠡᠭ ᠎ᠢ ᠬᠥᠮᠦᠨ ᠲᠥᠷᠥᠯᠬᠢᠲᠡᠨ᠎ᠦ ᠤᠯᠠᠨ ᠶᠠᠩᠵᠤᠲᠤ ᠴᠢᠨᠠᠷ᠎ᠤᠨ ᠨᠢᠭᠡ ᠬᠡᠰᠡᠭ᠎ᠢᠶᠡᠷ ᠦᠵᠡᠬᠦ᠌》 ᠬᠦᠷᠲᠡᠯ᠎ᠡ᠂ ᠭᠣᠣᠯ ᠰᠡᠳᠦᠪ᠎ᠦᠨ ᠤᠯᠠᠷᠢᠯ ᠬᠤᠪᠢᠰᠤᠯ ᠨᠢ ᠢᠮᠠᠭ᠍ᠲᠠ 《ᠭᠠᠳᠠᠭᠤᠷᠴᠢᠯᠠᠯ ᠎ᠢ ᠠᠷᠢᠯᠭᠠᠵᠤ᠂ ᠠᠭᠤᠰᠤᠯᠴᠠᠯ᠎ᠢ ᠠᠬᠢᠭᠤᠯᠬᠤ》ᠭᠣᠣᠯ ᠬᠠᠷᠠᠯᠲᠠ᠎ᠶ᠋ᠢᠨ ᠲᠣᠭᠣᠷᠢᠨ᠎ᠳᠤ ᠶᠠᠪᠤᠬᠳᠠᠵᠦ᠂ ᠪᠦᠬᠦ᠌ ᠪᠥᠮᠪᠥᠷᠴᠡᠭ᠎ᠦᠨ ᠵᠡᠮᠳᠡᠭ᠌ᠴᠦᠳ᠎ᠦᠨ ᠡᠷᠬᠡ ᠠᠱᠢᠭ᠎ᠤᠨ ᠪᠠᠲᠤᠯᠠᠭ᠎ᠠ᠂ ᠰᠠᠭᠠᠳ ᠦᠭᠡᠢ ᠣᠷᠴᠢᠨ ᠲᠣᠭᠣᠷᠢᠨ᠎ᠤ ᠪᠦᠳᠦᠭᠡᠨ ᠪᠠᠢᠭᠤᠯᠤᠯᠲᠠ᠎ᠵᠢᠨ ᠲᠠᠰᠤᠷᠠᠯᠳᠠ ᠦᠭᠡᠢ ᠲᠡᠬᠦᠯᠳᠡᠷᠵᠢᠬᠦ ᠎ᠶ᠋ᠢ ᠠᠬᠢᠭᠤᠯᠪᠠ᠃

ᠤᠯᠠᠨ ᠤᠯᠤᠰ᠎ᠤᠨ ᠡᠷᠡᠭᠦᠯ ᠬᠠᠮᠠᠭᠠᠯᠠᠯ ᠎ᠤᠨ ᠵᠣᠬᠢᠶᠠᠨ ᠪᠠᠢᠭᠤᠯᠤᠯᠲᠠ ᠪᠠ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠵᠡᠮᠳᠡᠭ᠌ᠴᠦᠳ᠎ᠦᠨ ᠵᠣᠬᠢᠶᠠᠨ ᠪᠠᠢᠭᠤᠯᠤᠯᠲᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ ᠪᠥᠬᠥ᠌ ᠪᠦᠮᠪᠦᠷᠴᠡᠭ᠎ᠲᠤ ᠪᠠᠷᠤᠭ 10 ᠳ᠋ᠦᠩᠱᠢᠭᠤᠷ ᠵᠡᠮᠳᠡᠭᠴᠤᠳ ᠪᠠᠢᠵᠦ᠂ ᠨᠡᠢᠭᠡᠮ᠎ᠦᠨ ᠶᠡᠬᠡ ᠬᠡᠷ ᠪᠦᠯᠢ᠎ᠶ᠋ᠢᠨ ᠳᠤᠲᠠᠭ᠍ᠳᠠᠵᠤ ᠪᠣᠯᠤᠰᠢ ᠥᠬᠡᠶ ᠨᠢᠭᠡ ᠭᠡᠱᠢᠭᠦᠨ᠎ᠤ ᠬᠤᠪᠢ ᠪᠡᠷ ᠢᠯᠡᠷᠡᠵᠦ ᠪᠠᠢᠳᠠᠭ᠃《ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ》 ᠦ᠋ᠨ ᠠᠴᠢ ᠬᠣᠯᠪᠣᠭ᠍ᠳᠠᠯ ᠨᠢ ᠨᠢᠭᠡᠯᠬᠡᠨ ᠡᠳᠦᠷ᠎ᠤᠨ ᠤᠬᠠᠭᠤᠯᠭ᠎ᠠ ᠪᠣᠶᠤ ᠬᠠᠢᠷ᠎ᠠ ᠬᠠᠯᠠᠮᠵᠢᠯᠠᠯ᠎ᠳᠡᠳᠦᠢ ᠪᠢᠰᠢ᠂ ᠬᠠᠷᠢᠨ ᠨᠡᠩ ᠤᠷᠳᠤ ᠬᠤᠭᠤᠴᠠᠭᠠᠨ᠎ᠤ ᠠᠵᠢᠯᠯᠠᠭ᠎ᠠ ᠵᠢᠴᠢ ᠪᠠᠷᠢᠮᠲᠠᠯᠠᠯ᠎ᠳᠦ ᠤᠷᠤᠰᠢᠨ᠎ᠠ᠃ ᠮᠠᠨ᠎ᠤ ᠤᠯᠤᠰ᠎ᠤᠨ《ᠵᠡᠮᠳᠡᠭ᠌ᠴᠦᠳ ᠎ᠦᠨ ᠪᠠᠲᠤᠯᠠᠭ᠎ᠠ ᠎ᠶ᠋ᠢᠨ ᠬᠠᠤᠯᠢ》᠂《ᠰᠠᠭᠠᠳ ᠦᠭᠡᠶ ᠣᠷᠴᠢᠨ ᠲᠣᠭᠣᠷᠢᠨ ᠎ᠤ ᠪᠦᠲᠦᠭᠡᠨ ᠪᠠᠢᠭᠤᠯᠤᠯᠲᠠ᠎ᠶ᠋ᠢᠨ ᠬᠠᠤᠯᠢ》ᠵᠡᠷᠭᠡ ᠬᠠᠤᠯᠢ ᠴᠠᠭᠠᠵᠠ ᠲᠦᠷᠢᠮ ᠲᠣᠭ᠍ᠲᠠᠭᠠᠯ ᠎ᠤᠨ ᠲᠠᠰᠤᠷᠠᠯᠲᠠ ᠤᠢ᠍ᠭᠡᠢ ᠲᠡᠭᠦᠯᠳᠡᠷᠵᠢᠵᠦ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ ᠎ᠶ᠋ᠢᠨ ᠲᠠᠰᠤᠷᠠᠯᠲᠠ ᠤᠢ᠍ᠭᠡᠢ ᠳᠡᠭᠡᠭ᠌ᠰᠢᠯᠡᠬᠦ᠌᠎ᠶ᠋ᠢ ᠳᠠᠭᠠᠯᠳᠤᠨ᠂ ᠨᠡᠩ ᠣᠯᠠᠨ ᠵᠡᠮᠳᠡᠭ᠌ᠴᠦᠳ ᠨᠡᠢᠭᠡᠮ ᠨᠡᠢᠲᠡ᠎ᠳᠦ ᠠᠭᠤᠰᠤᠯᠴᠠᠨ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠰᠣᠶᠣᠯ ᠳᠠᠮᠢᠷ ᠵᠡᠷᠭᠡ ᠬᠦᠷᠢᠶ᠎ᠠ ᠴᠠᠷᠠᠭᠠᠨ᠎ᠳᠦ ᠲᠤᠰ ᠪᠡᠶ᠎ᠡ᠎ᠶ᠋ᠢᠨ ᠦᠨ᠎ᠡ ᠥᠷᠲᠡᠭ᠎ᠢᠶᠡᠨ ᠪᠡᠶᠡᠯᠡᠭᠦᠯᠵᠦ᠍ ᠪᠠᠢᠨ᠎ᠠ᠃

ᠵᠡᠮᠳᠡᠭ᠌ᠴᠦᠳ ᠪᠠ ᠡᠷᠡᠭᠦᠯ ᠬᠦᠮᠦᠰ᠎ᠤᠨ ᠠᠭᠤᠰᠤᠯᠴᠠᠯ ᠨᠢ ᠶᠡᠷᠦ᠍᠎ᠡᠴᠡ ᠵᠡᠮᠳᠡᠭ᠌ᠴᠦᠳ᠎ᠦᠨ ᠭᠠᠭ᠍ᠴᠠ ᠲᠠᠯ᠎ᠠ᠎ᠶ᠋ᠢᠨ《ᠠᠭᠤᠰᠤᠨ ᠤᠷᠤᠬᠤ》 ᠶᠠᠪᠤᠳᠠᠯ ᠪᠢᠰᠢ᠂ ᠬᠠᠷᠢᠨ ᠪᠦᠬᠦᠢᠯᠡ ᠨᠡᠢᠭᠡᠮ᠎ᠢᠶᠡᠷ᠎ᠢᠶᠡᠨ ᠬᠠᠮᠲᠤ᠎ᠪᠠᠷ 《ᠬᠦᠯᠢᠶᠡᠨ ᠠᠪᠬᠤ》ᠪᠠ 《ᠬᠠᠮᠲᠤ᠎ᠪᠠᠷ ᠪᠠᠢᠭᠤᠯᠬᠤ》ᠶᠠᠪᠤᠳᠠᠯ ᠪᠣᠯᠤᠨ᠎ᠠ᠃ ᠬᠠᠷᠠᠭ᠎ᠠ ᠠᠯᠳᠠᠭ᠍ᠰᠠᠳ᠎ᠤᠨ ᠵᠠᠮ ᠳᠠᠬᠢᠨ ᠡᠵᠡᠯᠡᠭ᠌ᠳᠡᠬᠦ᠌ ᠥᠬᠡᠶ᠂ ᠵᠡᠮᠳᠡᠭ ᠠᠵᠢᠯᠲᠠᠨ ᠵᠡᠷᠭᠡ ᠳᠡᠪᠱᠢᠬᠦ᠌ ᠲᠣᠬᠢᠶᠠᠯ᠎ᠢ ᠡᠷᠬᠡ ᠲᠡᠭ᠌ᠰᠢ᠎ᠪᠡᠷ ᠡᠳ᠋ᠯᠡᠬᠦ᠂ ᠬᠥᠮᠦᠨ ᠪᠦᠬᠦᠨ ᠴᠥᠮ ᠬᠦᠨᠳᠦᠳᠭᠡᠯ᠎ᠦᠨ ᠬᠠᠷᠠᠴᠠ᠎ᠪᠠᠷ ᠵᠡᠮᠳᠡᠭ᠌ᠴᠦᠳ᠎ᠢ ᠬᠠᠷᠠᠬᠤ ᠦᠶ᠎ᠡ᠎ᠳᠦ ᠮᠠᠨ᠎ᠤ ᠨᠡᠢᠭᠡᠮ ᠯᠠᠪᠲᠠᠶ ᠨᠠᠩ ᠬᠠᠯᠠᠭᠤᠨ ᠳᠤᠯᠠᠭᠠᠨ᠂ ᠨᠠᠩ ᠪᠠᠭ᠍ᠲᠠᠭᠠᠮᠵᠢᠲᠠᠶ ᠪᠣᠯᠬᠤ ᠶᠤᠮ᠃

ᠵᠡᠮᠳᠡᠭ᠌ᠴᠦᠳ᠎ᠢ ᠬᠠᠢᠷᠠᠯᠠᠨ ᠬᠠᠯᠠᠮᠵᠢᠯᠠᠬᠤ᠎ᠳᠤ ᠪᠢᠳᠡ ᠳᠡᠷᠭᠡᠳᠡᠬᠢ ᠵᠢᠵᠢᠭ ᠰᠠᠵᠢᠭ ᠶᠠᠪᠤᠳᠠᠯ ᠡᠴᠠ ᠪᠠᠨ ᠭᠠᠷᠳᠠᠨ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠠᠢᠷ᠎ᠠ ᠪᠠ ᠬᠦᠨᠳᠦᠳᠭᠡᠯ᠎ᠢ ᠳᠠᠮᠵᠢᠭᠤᠯᠵᠦ᠂ ᠨᠡᠢᠭᠡᠮ ᠨᠡᠢᠳᠡ ᠵᠢᠨ ᠡᠶ᠎ᠡ ᠵᠤᠬᠢᠴᠠᠯ ᠠᠭᠤᠰᠤᠯᠴᠠᠯ ᠬᠦᠭᠵᠢᠯᠳᠡ᠎ᠳᠤ ᠬᠦᠴᠦᠨ ᠴᠢᠳᠠᠯ᠎ᠢᠶᠠᠨ ᠡᠷᠭᠦᠵᠡᠭᠡᠶ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号