ᠠᠷᠪᠠᠨ ᠬᠣᠶᠠᠳᠡᠬᠢ ᠤᠯᠤᠰ᠎ᠤᠨ ᠦᠨᠳᠦᠰᠦᠨ ᠬᠠᠤᠯᠢ᠎ᠶᠢᠨ ᠡᠳᠦᠷᠬᠦᠷᠴᠦ ᠢᠷᠡᠬᠦ ᠵᠢ ᠲᠤᠬᠢᠶᠠᠯᠳᠤᠭᠤᠯᠤᠨ 12 ᠰᠠᠷ᠎ᠠ᠎ᠶᠢᠨ 4 ᠤ᠋ ᠦᠳᠡ᠎ᠶᠢᠨ ᠡᠮᠦᠨ᠎ᠡ ᠰᠤᠷᠭᠠᠨ ᠬᠥᠮᠦᠵᠢᠯ᠎ᠦᠨ ᠶᠠᠮᠤᠨ 2025 ᠣᠨ᠎ᠤ ᠤᠯᠤᠰ᠎ᠤᠨ ᠦᠨᠳᠦᠰᠦᠨ ᠬᠠᠤᠯᠢ᠎ᠶᠢᠨ ᠡᠳᠦᠷ᠎ᠦᠨ 《ᠦᠨᠳᠦᠰᠦᠨ ᠬᠠᠤᠯᠢ᠎ᠶᠢᠨ ᠥᠷᠯᠥᠭᠡ᠎ᠶᠢᠨ ᠤᠩᠰᠢᠯᠭ᠎ᠠ》 ᠵᠢᠨ ᠠᠵᠢᠯᠯᠠᠭ᠎ᠠ᠎ᠥᠷᠨᠢᠭᠦᠯᠪᠡ᠃ ᠠᠵᠢᠯᠯᠠᠭ᠎ᠠ ᠨᠢ ᠪᠡᠭᠡᠵᠢᠩ᠎ᠳᠦ ᠭᠣᠣᠯ ᠬᠤᠷᠠᠯ᠎ᠤᠨ ᠲᠠᠯᠠᠪᠠᠢ ᠭᠠᠷᠭᠠᠵᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠳᠤ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠳᠤ ᠴᠤᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠰᠤᠷᠭᠠᠨ ᠬᠥᠮᠦᠵᠢᠯ ᠦᠨ ᠰᠢᠰᠲ᠋ᠧᠮ᠎ᠤᠨ ᠬᠢᠨ ᠤ ᠦᠨᠳᠦᠰᠦᠨ ᠬᠠᠤᠯᠢ᠎ᠶᠢ ᠰᠤᠷᠤᠯᠴᠠᠨ ᠤᠬᠠᠭᠤᠯᠬᠤ᠂ ᠦᠨᠳᠦᠰᠦᠨ ᠬᠠᠤᠯᠢ᠎ᠶᠢᠨ ᠵᠣᠷᠢᠭ᠋ ᠰᠠᠨᠠᠭ᠎ᠠ ᠶᠢ ᠪᠠᠳᠠᠷᠠᠭᠤᠯᠬᠤ᠂ ᠦᠨᠳᠦᠰᠦᠨ ᠬᠠᠤᠯᠢ᠎ᠶᠢᠨ ᠡᠷᠬᠡ ᠰᠦᠷ᠎ᠢ ᠬᠠᠮᠠᠭᠠᠯᠠᠬᠤ᠎ᠶᠢ ᠠᠬᠢᠭᠤᠯᠪᠠ᠃
ᠦᠳᠡ᠎ᠶᠢᠨ ᠡᠮᠦᠨᠡᠬᠢ 10 ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠬᠤᠷᠠᠯ᠎ᠤᠨ ᠲᠠᠯᠠᠪᠠᠢ ᠸᠢᠳᠢᠤ᠋᠎ᠪᠠᠷ ᠳᠠᠮᠵᠢᠭᠤᠯᠤᠨ ᠭᠣᠣᠯ ᠬᠤᠷᠠᠯ᠎ᠤᠨ ᠲᠠᠯᠠᠪᠠᠢ᠎ᠲᠠᠢ ᠵᠡᠷᠭᠡ ᠪᠡᠷ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠵᠢᠨ ᠬᠡᠰᠡᠭ ᠵᠦᠢᠯ᠎ᠢ ᠤᠩᠰᠢᠬᠤ᠎ᠶᠢᠨ ᠬᠠᠮᠲᠤ ᠦᠨᠳᠦᠰᠦᠨ ᠬᠠᠤᠯᠢ᠎ᠶᠢ ᠬᠠᠮᠲᠤ ᠪᠠᠷ ᠰᠤᠷᠤᠯᠴᠠᠵᠤ᠂ ᠬᠤᠷᠠᠯ᠎ᠤᠨ ᠲᠠᠯᠠᠪᠠᠢ᠎ᠶᠢᠨ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠬᠦᠷ ᠬᠥᠭᠵᠢᠶᠡᠨᠲᠡᠢ ᠪᠠᠢᠯ᠎ᠠ᠃ ᠪᠥᠬᠥ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠬᠢᠨ ᠪᠠᠰᠠ ᠭᠠᠳᠠᠭᠠᠳᠤ᠎ᠵᠢᠨ ᠰᠤᠷᠤᠭ᠍ᠴᠢᠳ᠎ᠢ ᠤᠷᠢᠵᠤ ᠬᠠᠤᠯᠢ ᠲᠦᠭᠡᠮᠡᠯᠵᠢᠭᠦᠯᠬᠦ ᠰᠦᠯᠵᠢᠶ᠎ᠡ᠎ᠪᠡᠷ ᠳᠠᠮᠵᠢᠭᠤᠯᠤᠨ ᠰᠦᠯᠵᠢᠶᠡᠨ᠎ᠦ ᠰᠢᠭᠤᠳ ᠨᠡᠪᠲᠡᠷᠡᠭᠦᠯᠭᠡ᠎ᠶᠢ ᠭᠥᠯᠢᠶᠡᠨ ᠠᠪᠴᠤ ᠦᠵᠡᠭᠦᠯᠦᠨ᠂ ᠬᠠᠮᠲᠤ᠎ᠪᠠᠷ ᠰᠤᠷᠤᠯᠴᠠᠪᠠ᠃
ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠪᠥᠬᠥ ᠣᠷᠣᠨ᠎ᠤ ᠰᠤᠷᠤᠭ᠍ᠴᠢᠳ᠎ᠢ ᠢᠳᠡᠪᠬᠢᠲᠡᠢ ᠵᠣᠬᠢᠶᠠᠨ ᠪᠠᠢᠭᠤᠯᠵᠤ 《ᠦᠨᠳᠦᠰᠦᠨ ᠬᠠᠤᠯᠢ᠎ᠶᠢᠨ ᠬᠠᠮᠠᠭᠠᠯᠠᠭ᠍ᠴᠢ》 ᠵᠢᠨ ᠠᠵᠢᠯᠯᠠᠭᠠᠨ ᠤ ᠲᠥᠯᠥᠪᠯᠡᠭᠡ᠎ᠳᠦ ᠣᠷᠣᠯᠴᠠᠭᠤᠯᠪᠠ᠃ ᠡᠭᠦᠨ᠎ᠦ ᠬᠠᠮᠳᠤ《ᠦᠨᠳᠦᠰᠦᠨ ᠬᠠᠤᠯᠢ ᠲᠠᠢ ᠬᠠᠮᠳᠤ ᠦᠰᠦᠨ ᠪᠤᠢᠵᠢᠨᠠ》 ᠭᠡᠬᠦ ᠳᠠᠭᠤᠤ᠎ᠶᠢ ᠤᠯᠠᠮᠵᠢᠯᠠᠨ ᠳᠠᠭᠤᠯᠠᠬᠤ ᠠᠵᠢᠯᠯᠠᠭ᠎ᠠ᠎ᠶᠢ ᠥᠷᠭᠡᠨ᠎ᠢᠶᠡᠷ ᠵᠣᠬᠢᠶᠠᠨ ᠪᠠᠢᠭᠤᠯᠤᠨ ᠥᠷᠨᠢᠭᠦᠯᠵᠦ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ 2 ᠭᠣᠣᠯ ᠰᠡᠳᠦᠪᠲᠦ ᠳᠠᠭᠤᠤ ᠵᠢᠨ MV ᠶ᠋ᠢ ᠰᠡᠭᠦᠳᠡᠷᠯᠡᠵᠦ ᠂ ᠮᠠᠰᠢ ᠰᠠᠢᠨ ᠲᠤᠰᠬᠠᠯ ᠭᠠᠷᠭᠠᠪᠠ ᠃