ᠠᠯᠲᠠᠩᠬᠤ᠎ᠠ ᠴᠡᠴᠡᠭ᠎ᠤᠨ ᠠᠯᠳᠠᠷᠰᠢᠯ
2025-12-05 11:14:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠰᠢᠯᠤᠭᠤᠨ ᠬᠥᠬᠡ ᠬᠣᠰᠢᠭᠤᠨ᠎ᠤ ᠠᠯᠲᠠᠩᠬᠤ᠎ᠠ ᠴᠡᠴᠡᠭ ᠵᠢᠴᠢ ᠠᠯᠲᠠᠩᠬᠤ᠎ᠠ ᠴᠠᠢ ᠨᠢ ᠤᠯᠤᠰ᠎ᠤᠨ 《ᠠᠮᠢ ᠠᠬᠤᠢ᠎ᠶᠢᠨ ᠤᠭ ᠭᠠᠷᠤᠯᠲᠠ᠎ᠶᠢᠨ ᠣᠷᠣᠨ᠎ᠤ ᠬᠠᠮᠠᠭᠠᠯᠠᠯᠲᠠ᠎ᠶᠢᠨ ᠤᠷᠤᠨ᠎ᠤ ᠨᠡᠷᠡᠰ᠎ᠤᠨ ᠵᠢᠭᠰᠠᠭᠠᠯᠳᠠ》᠎ᠳ᠋ᠤ᠌ ᠪᠦᠷᠢᠳᠬᠡᠭᠳᠡᠪᠡ᠃ ᠡᠨᠡ ᠨᠢ ᠰᠢᠯᠤᠭᠤᠨ ᠬᠥᠬᠡ ᠬᠣᠰᠢᠭᠤᠨ᠎ᠤ ᠠᠮᠢ ᠠᠬᠤᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠪᠠ ᠣᠷᠣᠨ ᠪᠦᠰᠡ᠎ᠶᠢᠨ ᠨᠠᠷᠠᠲᠤ ᠲᠡᠮᠳᠡᠭᠲᠦ᠎ᠶᠢᠨ ᠪᠠᠢᠭᠤᠯᠤᠯᠲᠠ ᠵᠢᠨ ᠲᠠᠯ᠎ᠠ᠎ᠪᠠᠷ ᠵᠠᠩᠭᠢᠯᠠᠭ᠎ᠠ᠎ᠶᠢᠨ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠢᠨ᠎ᠠ᠃

ᠠᠮᠢ ᠠᠬᠤᠢ᠎ᠶᠢᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢᠨ ᠲᠥᠯᠥᠭᠡ᠂ ᠰᠢᠯᠤᠭᠤᠨ ᠬᠥᠬᠡ ᠬᠣᠰᠢᠭᠤ ᠠᠯᠲᠠᠩᠬᠤ᠎ᠠ᠎ᠶᠢᠨ ᠠᠵᠤ ᠦᠢᠯᠡᠰ᠎ᠦᠨ ᠪᠠᠷᠢᠮᠵᠢᠶᠠᠵᠢᠭ᠍ᠰᠠᠨ ᠪᠦᠲᠦᠭᠡᠨ ᠪᠠᠢᠭᠤᠯᠤᠯᠲᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠲᠤᠬᠠᠢ᠎ᠶᠢᠨ ᠭᠠᠵᠠᠷ᠎ᠤᠨ ᠠᠯᠲᠠᠩᠬ᠍ᠸ᠎ᠠ ᠴᠡᠴᠡᠭ᠎ᠤᠨ ᠡᠬᠢ ᠪᠠᠶᠠᠯᠢᠭ᠋᠎ᠲᠤ ᠲᠦᠰᠢᠭᠯᠡᠨ᠂ ᠲᠤᠰᠬᠠᠢ ᠮᠡᠷᠭᠡᠵᠢᠯ᠎ᠦᠨ ᠳᠤᠭᠤᠢᠯᠠᠩ᠎ᠢ ᠵᠣᠬᠢᠶᠠᠨ ᠪᠠᠢᠭᠤᠯᠵᠤ᠂ ᠬᠥᠮᠥᠨ᠎ᠦ ᠬᠦᠴᠦ᠎ᠪᠡᠷ ᠦᠷᠡᠵᠢᠭᠦᠯᠦᠨ ᠪᠣᠢᠵᠢᠭᠤᠯᠬᠤ᠂ ᠪᠠᠷᠢᠮᠵᠢᠶᠠᠵᠢᠭᠤᠯᠤᠨ ᠲᠠᠷᠢᠬᠤ ᠵᠡᠷᠭᠡ ᠮᠡᠷᠭᠡᠵᠢᠯ᠎ᠦᠨ ᠠᠰᠠᠭᠤᠳᠠᠯ᠎ᠢ ᠰᠢᠢᠳᠪᠦᠷᠢᠯᠡᠵᠦ᠂ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠡᠯᠡᠰᠦᠷᠬᠡᠭᠵᠢᠯ᠎ᠢ᠎ᠰᠡᠷᠭᠡᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ ᠎ᠶᠢ ᠡᠭᠦᠳᠬᠦ ᠲᠥᠪ᠎ᠢ ᠥᠨᠳᠥᠷ ᠭᠠᠷᠤᠭ᠎ᠠ᠎ᠠᠴᠠ ᠪᠠᠢᠭᠤᠯᠵᠤ᠂ 《ᠰᠤᠳᠤᠯᠬᠤ᠂ ᠪᠠᠲᠤᠯᠠᠬᠤ᠂ ᠪᠣᠢᠵᠢᠭᠤᠯᠬᠤ᠂ ᠦᠷᠡᠵᠢᠭᠦᠯᠬᠦ᠂ ᠳᠡᠯᠭᠡᠷᠡᠭᠦᠯᠬᠦ》᠎ᠶ᠋ᠢ ᠨᠢᠭᠡ ᠴᠣᠭᠴᠠᠵᠢᠭᠤᠯᠤᠭᠰᠠᠨ ᠠᠵᠤ ᠦᠢᠯᠡᠰ᠎ᠦᠨ ᠬᠡᠯᠬᠢᠶ᠎ᠡ ᠎ᠶᠢ ᠪᠦᠷᠢᠳᠦᠭᠦᠯᠦᠨ᠂ ᠬᠥᠮᠥᠨ᠎ᠦ ᠬᠦᠴᠦ᠎ᠪᠡᠷ ᠳᠠᠷᠢᠭ᠍ᠰᠠᠨ ᠲᠠᠯᠠᠪᠠᠢ ᠨᠢᠭᠡᠨᠲᠡ ᠮᠢᠩᠭ᠎ᠠ ᠭᠠᠷᠤᠢ ᠮᠦ᠍᠎ᠳᠦ ᠬᠦᠷᠴᠦ᠂ ᠮᠦ᠍ ᠪᠦᠷᠢ᠎ᠶᠢᠨ ᠤᠨᠠᠯᠲᠠ᠎ᠶᠢᠨ ᠠᠵᠤ ᠠᠬᠤᠢ ᠎ᠶᠢᠨ ᠥᠷᠲᠡᠭ 4800 ᠲᠥᠭᠥᠷᠢᠭ᠎ᠢ ᠳᠠᠪᠠᠵᠠᠢ᠃ ᠡᠭᠦᠨ᠎ᠦ ᠬᠠᠮᠲᠤ᠂ ᠲᠤᠬᠠᠢ᠎ᠶᠢᠨ ᠭᠠᠵᠠᠷ᠎ᠤᠨ ᠠᠵᠤ ᠠᠬᠤᠢᠯᠠᠯ ᠠᠵᠤ ᠦᠢᠯᠡᠰ᠎ᠦᠨ ᠬᠡᠯᠬᠢᠶ᠎ᠡ᠎ᠪᠡᠨ ᠲᠠᠰᠤᠷᠠᠯᠲᠠ ᠦᠭᠡᠢ ᠤᠷᠲᠤᠳᠬᠠᠵᠤ᠂ ᠤᠤᠯ ᠦᠨᠦᠷ ᠠᠮᠲᠠ ᠪᠦᠬᠦᠢ ᠠᠯᠲᠠᠩᠬ᠍ᠸ᠎ᠠ ᠴᠡᠴᠡᠭ᠎ᠦᠨ ᠴᠠᠢ᠂ ᠠᠯᠲᠠᠩᠬ᠍ᠸ᠎ᠠ ᠴᠡᠴᠡᠭ᠎ᠦᠨ ᠪᠠᠯ ᠵᠡᠷᠭᠡ 10 ᠭᠠᠷᠤᠢ ᠰᠢᠷᠢᠰ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠦᠢᠯᠡᠳᠬᠦᠨ ᠨᠢ ᠪᠡᠭᠡᠵᠢᠩ᠂ ᠱᠠᠩᠬᠠᠢ᠂ ᠭᠤᠸᠠᠩᠳᠦ᠋ᠩ ᠵᠡᠷᠭᠡ 20 ᠭᠠᠷᠤᠢ ᠮᠤᠵᠢ ᠬᠤᠲᠠ᠎ᠳᠤ ᠪᠣᠷᠣᠯᠠᠭᠤᠯᠤᠭᠳᠠᠵᠤ ᠪᠠᠢᠨ᠎ᠠ᠃ ᠲᠤᠰ ᠤᠳᠠᠭᠠᠨ᠎ᠤ ᠭᠡᠷᠡᠴᠢᠯᠡᠭᠡ᠎ᠶᠢ ᠢᠯᠭᠤᠮ ᠥᠩᠭᠡᠷᠡᠭᠦᠯᠦᠭᠰᠡᠨ ᠨᠢ ᠰᠢᠯᠤᠭᠤᠨ ᠬᠥᠬᠡ ᠬᠣᠰᠢᠭᠤᠨ᠎ᠤ ᠠᠯᠲᠠᠩᠬ᠍ᠸ᠎ᠠ ᠴᠡᠴᠡᠭ ᠵᠢᠴᠢ ᠣᠷᠣᠯᠠᠨ ᠬᠡᠷᠡᠭᠯᠡᠬᠦ ᠴᠠᠢ᠎ᠳᠤ ᠤᠯᠤᠰ᠎ᠤᠨ ᠳᠡᠰ᠎ᠤᠨ ᠠᠮᠢ ᠠᠬᠤᠢ᠎ᠶᠢᠨ ᠨᠡᠷ᠎ᠡ᠎ᠶᠢᠨ ᠬᠠᠭᠤᠳᠠᠰᠤ 《ᠨᠠᠭᠠᠵᠤ》᠂ ᠦᠢᠯᠡᠳᠬᠦᠨ᠎ᠦ ᠵᠠᠬ᠎ᠠ ᠳᠡᠯᠭᠡᠭᠦᠷ᠎ᠦᠨ ᠢᠯᠭᠠᠨ ᠲᠠᠨᠢᠬᠤ ᠬᠡᠮᠵᠢᠶ᠎ᠡ ᠪᠠ ᠭᠣᠣᠯᠯᠠᠬᠤ ᠥᠷᠢᠰᠦᠯᠳᠦᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠳᠡᠰ᠎ᠤᠨ ᠵᠠᠬ᠎ᠠ ᠳᠡᠯᠭᠡᠭᠦᠷ᠎ᠢ ᠥᠷᠭᠡᠳᠬᠡᠬᠦ᠎ᠳᠦ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ ᠥᠭᠭᠦᠭᠰᠡᠨ ᠪᠠᠢᠨ᠎ᠠ᠃ ᠵᠢᠨ ᠴᠤᠤ ᠱᠢ ᠶᠧ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠴᠤᠤ ᠢᠯᠡᠷᠬᠡᠢᠯᠡᠬᠦ᠎ᠳᠡᠭᠡᠨ᠄ 《ᠪᠢᠳᠡ ᠦᠢᠯᠡᠳᠪᠦᠷᠢᠯᠡᠯ᠎ᠦᠨ ᠤᠷ᠎ᠠ ᠮᠡᠷᠭᠡᠵᠢᠯ᠎ᠦᠨ ᠬᠢᠷᠢ ᠲᠦᠪᠰᠢᠨ᠎ᠢᠶᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠵᠦ᠂ ᠠᠯᠲᠠᠩᠬᠤ᠎ᠠ᠎ᠴᠡᠴᠡᠭ᠎ᠤᠨ ᠠᠮᠢ ᠠᠬᠤᠢ᠎ᠶᠢᠨ ᠳᠠᠪᠠᠭᠤᠯᠢᠭ᠋ ᠪᠠ ᠥᠪᠡᠷᠮᠢᠴᠡ ᠦᠨ᠎ᠡ ᠥᠷᠲᠡᠭ᠎ᠢ ᠬᠡᠷᠡᠭᠯᠡᠭᠴᠢᠳ᠎ᠲᠦ ᠲᠠᠨᠢᠭᠤᠯᠤᠨ᠎ᠠ》 ᠭᠡᠯ᠎ᠡ᠃

ᠳᠠᠷᠠᠭᠠᠴᠢ ᠎ᠶᠢᠨ ᠠᠯᠬᠤᠮ᠎ᠳᠤ ᠰᠢᠯᠤᠭᠤᠨ ᠬᠥᠬᠡ ᠬᠣᠰᠢᠭᠤ ᠠᠮᠢ ᠠᠬᠤᠢ᠎ᠶᠢᠨ ᠪᠠᠷᠢᠮᠵᠢᠶ᠎ᠠ᠎ᠶᠢ ᠦᠷᠭᠦᠯᠵᠢᠯᠡᠨ ᠴᠢᠩᠭᠠᠳᠬᠠᠵᠤ᠂ ᠠᠯᠲᠠᠩᠬᠤ᠎ᠠ ᠴᠡᠴᠡᠭ᠎ᠦᠨ ᠦᠢᠯᠡᠳᠪᠦᠷᠢᠯᠡᠯ ᠰᠤᠳᠤᠯᠭᠠᠨ᠎ᠤ ᠠᠭᠤᠰᠤᠯᠴᠠᠯ᠎ᠢ ᠭᠦᠨᠵᠡᠭᠡᠢᠷᠡᠭᠦᠯᠵᠦ᠂ ᠠᠮᠢ ᠠᠬᠤᠢ᠎ᠶᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠪᠠ ᠠᠮᠢ ᠠᠬᠤᠢ᠎ᠶᠢᠨ ᠰᠤᠳᠤᠯᠭᠠᠨ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠥᠷᠭᠡᠳᠬᠡᠵᠦ᠂ ᠦᠢᠯᠡᠳᠬᠦᠨ᠎ᠦ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ 

(ᠰᠢᠯᠤᠭᠤᠨ ᠬᠦᠬᠡ ᠬᠤᠰᠢᠭᠤᠨ᠎ᠤ ᠬᠠᠮ ᠵᠠᠭᠤᠴᠢᠯᠠᠭᠤᠷ᠎ᠤᠨ ᠬᠢᠨ ᠮᠡᠳᠡᠬᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号