《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠠᠨᠭ᠌ᠭ᠌ᠯᠢ ᠬᠡᠯᠡᠨ᠎ᠦ ᠬᠡᠪᠯᠡᠯ᠎ᠦᠨ ᠲᠠᠨᠢᠯᠴᠠᠭᠤᠯᠭ᠎ᠠ᠎ᠶ᠋ᠢᠨ ᠬᠤᠷᠠᠯ ᠶᠤᠬᠠᠨᠨ᠋ᠸᠰᠪᠦ᠋ᠷᠡᠭ ᠲᠥ᠍ ᠶᠠᠪᠤᠭ᠍ᠳᠠᠪᠠ
2025-12-05 09:21:58
ᠵᠣᠬᠢᠶᠠᠭ᠍ᠴᠢ᠄
ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠪᠠᠢ ᠭᠸ ᠵᠢᠨ ᠪᠥᠸᠧ ᠸᠸᠨ
ᠣᠩᠱᠢᠭ᠍ᠰᠠᠨ ᠣᠳᠠᠭ᠎ᠠ᠄
★★★☆☆

《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠠᠨᠭ᠌ᠭ᠌ᠯᠢ ᠬᠡᠯᠡᠨ᠎ᠦ ᠬᠡᠪᠯᠡᠯ᠎ᠦᠨ ᠲᠠᠨᠢᠯᠴᠠᠭᠤᠯᠭ᠎ᠠ᠎ᠶ᠋ᠢᠨ ᠬᠤᠷᠠᠯ 3 ᠤ᠋ ᠡᠳᠦᠷ ᠡᠮᠦᠨᠡᠲᠦ ᠠᠹᠷᠢᠺᠠ᠎ᠶ᠋ᠢᠨ ᠶᠤᠬᠠᠨᠨ᠋ᠸᠰᠪᠦ᠋ᠷᠡᠭ ᠲᠥ᠍ ᠶᠠᠪᠤᠭ᠍ᠳᠠᠪᠠ᠃

ᠬᠤᠷᠠᠯ᠎ᠳᠤ ᠣᠷᠣᠯᠴᠠᠭ᠍ᠰᠠᠨ ᠳᠤᠮᠳᠠᠳᠤ ᠭᠠᠳᠠᠭᠠᠳᠤ᠎ᠶ᠋ᠢᠨ ᠵᠣᠴᠢᠳ᠂ 《ᠰᠢ ᠵᠢᠨ ᠫᠢᠩ ᠲᠦᠷᠦ᠍᠎ᠶ᠋ᠢ ᠵᠠᠰᠠᠬᠤ᠌ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠠᠮᠤᠭ᠎ᠤᠨ ᠱᠢᠨ᠎ᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠲᠥᠪᠯᠡᠷᠡᠩᠭᠦᠢ ᠲᠤᠰᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠯᠡ ᠲᠣᠳᠣ ᠣᠨᠴᠠᠯᠢᠭ᠂ ᠦᠢᠯᠡᠳᠦᠯᠭᠡ᠎ᠶ᠋ᠢᠨ ᠠᠷᠭ᠎ᠠ ᠵᠠᠮ ᠪᠣᠯᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶ᠋ᠢ ᠱᠢᠰᠲᠸᠮ ᠲᠠᠢ ᠢᠯᠡᠷᠡᠭᠦᠯᠵᠦ᠍᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠣᠳᠣᠬᠢᠴᠢᠯᠠᠯᠲᠠ ᠵᠢ ᠬᠠᠮᠲᠤ᠎ᠪᠠᠷ ᠪᠡᠶᠡᠯᠡᠭᠦᠯᠬᠦ ᠳ᠋ᠤ ᠲᠤᠯᠢ ᠪᠣᠯᠭᠠᠵᠤ ᠪᠣᠯᠬᠤ ᠳᠤᠮᠳᠠᠳᠤ ᠤᠯᠤᠰ᠎ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ᠎ᠤᠨ ᠲᠥᠰᠦᠯ᠎ᠢ ᠬᠠᠩᠭᠠᠪᠠ᠃ ᠳᠤᠮᠳᠠᠳᠤ ᠤᠯᠤᠰ ᠪᠣᠯᠤᠨ ᠡᠮᠦᠨᠡᠲᠦ ᠠᠹᠷᠢᠺᠠ ᠪᠣᠯ ᠠᠯᠳᠠᠨ ᠲᠣᠭᠣᠰᠭ᠎ᠠ ᠤᠯᠤᠰ᠎ᠤᠳ᠎ᠤᠨ ᠴᠢᠬᠤᠯᠠ ᠪᠦᠷᠢᠯᠳᠦᠬᠦᠨ ᠮᠥᠨ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠴᠢᠬᠤᠯᠠ ᠬᠦᠴᠦᠨ ᠮᠥᠨ᠂ ᠬᠣᠶᠠᠷ ᠲᠠᠯ᠎ᠠ᠎ᠪᠠᠷ᠎ᠢᠶᠠᠨ ᠳᠤᠮᠳᠠᠳᠤ ᠠᠹᠷᠢᠺᠠ᠎ᠶ᠋ᠢᠨ ᠭᠠᠷ ᠬᠣᠯᠪᠣᠨ ᠣᠳᠣᠬᠢᠴᠢᠯᠠᠯᠲᠠ᠎ᠶ᠋ᠢ ᠠᠬᠢᠭᠤᠯᠬᠤ ᠠᠷᠪᠠᠨ ᠶᠡᠬᠡ ᠬᠠᠨᠢᠲᠠᠨ᠎ᠤ ᠠᠵᠢᠯᠯᠠᠭ᠎ᠠ᠎ᠶ᠋ᠢ ᠨᠠᠢᠳᠠᠪᠤᠷᠢᠵᠢᠭᠤᠯᠵᠤ᠂ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠥᠭ᠌ᠵᠢᠯ ᠮᠠᠨᠳᠤᠯ᠂ ᠳᠤᠮᠳᠠᠳᠤ ᠠᠹᠷᠢᠺᠠ᠎ᠶ᠋ᠢᠨ ᠣᠳᠣᠬᠢᠴᠢᠯᠠᠯᠲᠠ᠎ᠶ᠋ᠢ ᠬᠠᠮᠲᠤ᠎ᠪᠠᠷ ᠬᠥᠭᠡᠭᠡᠴᠡᠯᠳᠦᠬᠦ᠌ ᠵᠡᠭᠦᠳᠦ᠍᠎ᠶ᠋ᠢ ᠬᠦᠳᠦᠯᠥᠨ ᠳᠠᠭᠠᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

ᠡᠮᠦᠨᠡᠲᠦ ᠠᠹᠷᠢᠺᠠ᠎ᠶ᠋ᠢᠨ ᠠᠹᠷᠢᠺᠠᠴᠤᠳ᠎ᠤᠨ ᠤᠯᠤᠰ ᠠᠷᠠᠳ᠎ᠤᠨ ᠶᠡᠬᠡ ᠬᠤᠷᠠᠯ᠎ᠤᠨ ᠬᠣᠶᠠᠳᠤᠭᠠᠷ ᠳᠡᠳ᠋ ᠶᠡᠷᠦᠩᠬᠡᠶ ᠱᠦᠵᠢ᠂ ᠶᠡᠷᠦᠩᠬᠡᠢᠯᠡᠭ᠌ᠴᠢ᠎ᠶ᠋ᠢᠨ ᠣᠷᠳᠣᠨ᠎ᠤ ᠲᠥᠯᠥᠪᠵᠢᠭᠦᠯᠬᠦ᠂ ᠬᠢᠨᠠᠯᠲᠠ ᠲᠠᠯᠪᠢᠬᠤ ᠪᠠ ᠦᠨᠡᠯᠡᠬᠦ ᠶᠠᠮᠤᠨ᠎ᠤ ᠰᠠᠢᠳ ᠮᠠᠯᠤᠸᠸᠫᠧᠨᠢ·ᠯᠠᠮᠦᠸᠸᠬᠤᠦ᠋ᠫᠠ ᠪᠠᠶᠠᠷ ᠎ᠤᠨ ᠦᠭᠡ  ᠬᠡᠯᠡᠬᠦ ᠎ᠳᠡᠭᠡᠨ ᠂ 《ᠰᠢ ᠵᠢᠨ ᠫᠢᠩ ᠲᠥᠷᠥ᠎ᠶ᠋ᠢ ᠵᠠᠰᠠᠬᠤ᠌ ᠲᠤᠬᠠᠶ》 ᠭᠡᠬᠦ᠌ ᠨᠣᠮ᠎ᠤᠨ ᠲᠠᠪᠤᠳᠤᠭᠠᠷ ᠪᠣᠲᠢ᠎ᠳᠤ ᠲᠡᠷᠢᠭᠦᠯᠡᠭ᠌ᠴᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠶᠠᠳᠠᠭᠤ᠎ᠡᠴᠡ ᠠᠩᠭᠢᠵᠢᠷᠠᠭᠤᠯᠬᠤ ᠶᠠᠳᠠᠭᠤ ᠬᠦᠴᠢᠷᠳᠡᠯᠲᠡᠢ ᠬᠦᠮᠦᠨ ᠠᠮᠠ᠎ᠶ᠋ᠢ ᠴᠦᠬᠡᠳᠭᠡᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠬᠠᠮᠲᠤᠷᠠᠯᠴᠠᠭ᠎ᠠ ᠵᠡᠷᠭᠡ ᠲᠠᠯ᠎ᠠ᠎ᠶ᠋ᠢᠨ ᠴᠢᠬᠤᠯᠠ ᠣᠢᠯᠠᠭᠠᠭ᠍ᠳᠠᠬᠤᠨ᠎ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠪᠥᠬᠥ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠲᠤ ᠠᠱᠢᠭ᠍ᠲᠠᠶ ᠲᠣᠯᠢ ᠪᠤᠯᠪᠠ᠃ ᠡᠮᠦᠨᠡᠲᠦ ᠠᠹᠷᠢᠺᠠ ᠳᠤᠮᠳᠠᠳᠤ ᠬᠣᠶᠠᠷ ᠤᠯᠤᠰ ᠤᠯᠠᠨ ᠲᠠᠯᠠᠲᠤ ᠦᠵᠡᠯ᠎ᠢ ᠪᠠᠷᠢᠮᠲᠠᠯᠠᠬᠤ᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠳᠡᠭᠡᠳᠦ ᠬᠡᠮᠵᠢᠶ᠎ᠡ᠎ᠪᠡᠷ ᠵᠣᠬᠢᠴᠠᠯᠳᠤᠵᠤ᠂ ᠡᠮᠦᠨᠡᠲᠦ ᠠᠹᠷᠢᠺᠠ 《2030 ᠣᠨ᠎ᠤ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠪᠣᠯᠤᠨ 《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ᠎ᠶ᠋ᠢ ᠵᠣᠯᠭᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠲᠥᠯᠥᠭᠡᠯᠡᠬᠦ᠌ ᠴᠢᠨᠠᠷ ᠪᠣᠯᠤᠨ ᠦᠭᠡ ᠬᠡᠯᠡᠬᠦ᠌ ᠡᠷᠬᠡ᠎ᠶ᠋ᠢ ᠬᠠᠮᠲᠤ᠎ᠪᠠᠷ ᠳᠡᠭᠡᠭ᠌ᠰᠢᠯᠡᠭᠦᠯᠵᠦ᠍᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭ᠌ᠯᠡᠯ᠎ᠢᠶᠡᠷ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ ᠢᠯᠡᠳᠭᠡᠪᠡ᠃

ᠡᠮᠦᠨᠡᠲᠦ ᠠᠹᠷᠢᠺᠠ ᠎ᠶ᠋ᠢᠨ ᠤᠯᠤᠰ ᠠᠷᠠᠳ ᠎ᠤᠨ ᠵᠥᠪᠯᠡᠯᠭᠡᠨ ᠎ᠦ ᠬᠤᠷᠠᠯ ᠎ᠤᠨ  ᠬᠡᠷᠡᠭ ᠶᠠᠪᠤᠳᠠᠯ ᠎ᠤᠨ  ᠲᠡᠷᠢᠭᠦᠯᠡᠭ᠌ᠴᠢ  ᠰᠠᠢ᠌ᠳ᠋ᠸᠯᠢᠺᠸ·ᠹᠯᠤᠷᠢᠺ᠂ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠳᠤ ᠳᠤᠮᠳᠠᠳᠤ ᠤᠯᠤᠰ᠎ᠤᠨ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠡᠮᠦᠨᠡᠲᠦ ᠠᠹᠷᠢᠺᠠ᠎ᠶ᠋ᠢᠨ ᠬᠢᠨ᠎ᠦ ᠳᠤᠮᠳᠠᠳᠤ ᠤᠯᠤᠰ᠎ᠤᠨ ᠬᠠᠮᠤᠭ᠎ᠤᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠣᠢᠯᠠᠭᠠᠬᠤ᠎ᠳᠤ ᠴᠣᠩᠬᠣᠪᠴᠢ ᠨᠡᠭᠡᠭᠡᠵᠦ᠍ ᠥᠭ᠌ᠴᠡᠢ᠃ ᠲᠤᠰ ᠨᠣᠮ᠎ᠳᠠᠬᠢ ᠠᠷᠠᠳ ᠲᠦᠮᠡᠨ᠎ᠢ ᠳᠡᠭᠡᠳᠦᠯᠡᠬᠦ᠌᠂ ᠪᠣᠬᠢᠷᠲᠤᠯ ᠦᠭᠡᠢ ᠬᠥᠭ᠌ᠵᠢᠬᠦᠯᠬᠦ᠂ ᠬᠠᠮᠲᠤ᠎ᠪᠠᠷ ᠪᠠᠶᠠᠵᠢᠬᠤ ᠪᠠ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠲᠤᠬᠠᠢ ᠠᠯᠢ ᠤᠯᠠᠨ ᠴᠢᠬᠤᠯᠠ ᠣᠢᠯᠠᠭᠠᠭ᠍ᠳᠠᠬᠤᠨ ᠨᠢ ᠡᠯ᠎ᠡ ᠤᠯᠤᠰ᠎ᠤᠨ ᠣᠳᠣᠬᠢᠴᠢᠯᠠᠯᠲᠠ ᠵᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠪᠠ ᠵᠠᠰᠠᠯᠲᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠳᠦ ᠴᠢᠬᠤᠯᠠ ᠰᠡᠩᠬᠡᠷᠡᠭᠦᠯᠦᠯ ᠬᠠᠩᠭᠠᠭ᠍ᠰᠠᠨ ᠪᠠᠢᠨ᠎ᠠ᠃

ᠠᠵᠢᠯᠯᠠᠭ᠎ᠠ ᠳᠤᠮᠳᠠ᠂ ᠳᠤᠮᠳᠠᠳᠤ ᠤᠯᠤᠰ᠎ᠡᠴᠡ ᠭᠠᠳᠠᠭᠠᠳᠤ᠎ᠶ᠋ᠢᠨ ᠵᠣᠴᠢᠳ᠎ᠲᠤ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠠᠨᠭ᠌ᠭ᠌ᠯᠢ ᠬᠡᠯᠡᠨ᠎ᠦ ᠬᠡᠪᠯᠡᠯ ᠢ᠋ ᠬᠦᠷᠭᠡᠪᠡ᠃ ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠨ ᠣᠳᠣᠬᠢᠴᠢᠯᠠᠯᠳᠠ ᠵᠢᠨ ᠬᠥᠭ᠌ᠵᠢᠯᠲᠡ᠎ᠶ᠋ᠢᠨ ᠲᠤᠷᠱᠢᠯᠭ᠎ᠠ᠎ᠶ᠋ᠢ ᠬᠠᠮᠲᠤ᠎ᠪᠠᠷ ᠡᠳ᠋ᠯᠡᠬᠦ᠌᠂ ᠪᠥᠬᠥ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ ᠪᠣᠯᠤᠨ ᠪᠥᠬᠥ᠌ ᠪᠥᠮᠪᠥᠷᠴᠡᠭ᠎ᠦᠨ ᠵᠠᠰᠠᠯᠲᠠ᠂ ᠠᠯᠲᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ᠂ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ ᠵᠢᠴᠢ ᠱᠢᠨ᠎ᠡ ᠴᠠᠭ ᠦᠶ᠎ᠡ᠎ᠶ᠋ᠢᠨ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠠᠭᠤᠯᠤᠭ᠍ᠳᠠᠬᠤᠨ᠎ᠢ ᠪᠠᠶᠠᠯᠢᠭ᠍ᠵᠢᠭᠤᠯᠬᠤ ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠪᠠ᠃

ᠲᠣᠰ ᠤᠳᠠᠭᠠᠨ᠎ᠤ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠨ ᠲᠠᠷᠬᠠᠭᠠᠬᠤ ᠦᠶ᠋ᠯᠡᠰ᠎ᠦᠨ ᠲᠣᠪᠴᠢᠶ᠎ᠠ᠂ ᠡᠮᠦᠨᠡᠲᠦ ᠠᠹᠷᠢᠺᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠎ᠡᠴᠡ ᠬᠠᠮᠲᠤᠷᠠᠨ ᠡᠷᠭᠢᠯᠡᠵᠦ᠍᠂ ᠳᠤᠮᠳᠠᠳᠤ ᠭᠠᠳᠠᠭᠠᠳᠤ᠎ᠶ᠋ᠢᠨ ᠡᠯ᠎ᠡ ᠡᠲᠡᠭᠡᠳ᠎ᠦᠨ 200 ᠭᠠᠷᠤᠶ ᠬᠥᠮᠦᠨ ᠠᠵᠢᠯᠯᠠᠭ᠎ᠠ᠎ᠳᠤ ᠣᠷᠣᠯᠴᠠᠪᠠ᠃

(ᠱᠢᠨᠬᠤᠸᠠ ᠬᠣᠷᠢᠶ᠎ᠠ᠎ᠶᠢᠨ ᠶᠤᠬᠠᠨᠨ᠋ᠸᠰᠪᠦ᠋ᠷᠡᠭ᠎ᠤᠨ 12 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号