ᠰᠢ ᠵᠢᠨ ᠫᠢᠩ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠬᠡᠯᠡᠯᠴᠡᠭᠡ ᠬᠢᠪᠡ
2025-12-05 09:30:05
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠳ᠋ᠦᠩ ᠱᠢᠤᠸᠠᠢ ᠹᠸᠩ ᠱᠢᠨ ᠷᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 4 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠬᠡᠯᠡᠯᠴᠡᠭᠡ ᠬᠢᠪᠡ᠃

ᠰᠢ ᠵᠢᠨ ᠫᠢᠩ᠂ ᠳᠤᠮᠳᠠᠳᠤ ᠹᠷᠠᠨᠼᠢ ᠪᠣᠯ ᠴᠦᠮ ᠬᠤᠯᠠ᠎ᠶ᠋ᠢᠨ ᠬᠠᠷᠠᠴᠠ᠎ᠲᠠᠶ᠂ ᠬᠠᠷᠢᠭᠤᠴᠠᠯᠭ᠎ᠠ᠎ᠲᠠᠶ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠲᠤᠮᠤ ᠤᠯᠤᠰ ᠮᠥᠨ᠂ ᠳᠡᠯᠡᠬᠡᠢ᠎ᠶ᠋ᠢᠨ ᠤᠯᠠᠨ ᠲᠤᠢᠯᠵᠢᠯᠳᠡ ᠵᠢ ᠠᠬᠢᠭᠤᠯᠬᠤ᠂ ᠬᠥᠮᠦᠨ ᠲᠥᠷᠥᠯᠬᠢᠲᠡᠨ᠎ᠦ ᠪᠦᠯᠬᠦᠮᠳᠡᠯ ᠬᠠᠮᠲᠤᠷᠠᠯᠴᠠᠭ᠎ᠠ᠎ᠶ᠋ᠢ ᠠᠬᠢᠭᠤᠯᠬᠤ ᠪᠦᠲᠦᠭᠡᠯᠴᠢ ᠴᠢᠨᠠᠷᠲᠠᠢ ᠬᠦᠴᠦᠨ ᠮᠥᠨ᠃ ᠣᠳᠣᠬᠠᠨ᠎ᠳᠤ᠂ ᠵᠠᠭᠤᠨ ᠵᠢᠯ᠎ᠳ᠋ᠤ ᠲᠤᠬᠢᠶᠠᠯᠳᠤᠭ᠎ᠠ ᠦᠬᠡᠢ ᠬᠤᠪᠢᠰᠤᠯᠳᠠ ᠲᠦᠷᠭᠡᠳᠦᠨ ᠤᠯᠠᠷᠢᠵᠤ᠂ ᠬᠥᠮᠦᠨ ᠲᠥᠷᠥᠯᠬᠢᠲᠡᠨ ᠪᠠᠰᠠ ᠨᠢᠭᠡ ᠤᠳᠠᠭ᠎ᠠ ᠬᠠᠮᠢᠭᠠᠰᠢ ᠪᠠᠨ ᠶᠠᠪᠤᠬᠤ ᠲᠤᠬᠠᠢ ᠲᠣᠨᠣᠯᠵᠢᠨ ᠵᠠᠮ᠎ᠳᠤ ᠵᠣᠭ᠍ᠰᠣᠪᠠ᠃ ᠳᠤᠮᠳᠠᠳᠤ ᠹᠷᠠᠨᠼᠢ ᠬᠣᠶᠠᠷ ᠤᠯᠤᠰ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠵᠦ᠍᠂ ᠤᠯᠠᠨ ᠲᠠᠯᠠᠲᠤ ᠦᠵᠡᠯ᠎ᠦᠨ ᠲᠤᠭ᠎ᠢ ᠥᠨᠳᠥᠷ ᠮᠠᠨᠳᠤᠭᠤᠯᠵᠤ᠂ ᠲᠡᠦᠬᠡ᠎ᠶ᠋ᠢᠨ ᠵᠥᠪ ᠲᠠᠯ᠎ᠠ᠎ᠳᠤ ᠡᠷᠡᠰ ᠵᠣᠭ᠍ᠰᠣᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠹᠷᠠᠨᠼᠢ᠎ᠲᠠᠶ ᠬᠠᠮᠲᠤ᠎ᠪᠠᠷ ᠢᠮᠠᠭ᠍ᠲᠠ ᠬᠣᠶᠠᠷ ᠤᠯᠤᠰ᠎ᠤᠨ ᠠᠷᠠᠳ ᠲᠦᠮᠡᠨ᠎ᠦ ᠦᠨᠳᠦᠰᠦᠨ ᠠᠱᠢᠭ ᠲᠤᠰᠠ ᠪᠣᠯᠤᠨ ᠳᠡᠯᠡᠬᠡᠢ ᠨᠡᠢᠭᠡᠮ᠎ᠦᠨ ᠠᠯᠤᠰ ᠬᠡᠳᠤ᠎ᠶ᠋ᠢᠨ ᠠᠱᠢᠭ ᠲᠤᠰᠠ ᠡᠴᠡ ᠡᠭᠦᠰᠴᠦ᠍᠂ ᠡᠷᠬᠡ ᠲᠡᠭ᠌ᠰᠢ ᠶᠠᠷᠢᠯᠴᠠᠭ᠎ᠠ᠂ ᠨᠡᠭᠡᠭᠡᠯᠲᠡᠲᠦ ᠬᠠᠮᠲᠤᠷᠠᠯᠴᠠᠭ᠎ᠠ᠎ᠶ᠋ᠢ ᠪᠠᠷᠢᠮᠲᠠᠯᠠᠵᠤ᠂ ᠳᠤᠮᠳᠠᠳᠤ ᠹᠷᠠᠨᠼᠢ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ 《ᠱᠢᠨ᠎ᠡ ᠵᠢᠷᠠᠨ ᠵᠢᠯ》 ᠳ᠋ᠤ ᠨᠡᠩ ᠯᠠᠪᠳᠠᠭᠤᠨ ᠨᠡᠩ ᠰᠠᠢ᠌ᠨ ᠪᠣᠯᠭᠠᠵᠤ᠂ ᠲᠡᠭᠦᠨ᠎ᠦ ᠪᠠᠢᠯᠳᠤᠬᠤ ᠪᠤᠳᠤᠯᠭ᠎ᠠ᠎ᠶ᠋ᠢᠨ ᠦᠨ᠎ᠡ ᠦᠷᠳᠡᠭ᠎ᠢ ᠭᠦᠢᠴᠡᠳ ᠢᠯᠡᠷᠡᠭᠦᠯᠵᠦ᠍᠂ ᠡᠷᠬᠡ ᠲᠡᠭ᠌ᠰᠢ ᠡᠮᠬᠢ ᠵᠢᠷᠤᠮ᠎ᠲᠠᠶ ᠳᠡᠯᠡᠬᠡᠢ᠎ᠶ᠋ᠢᠨ ᠤᠯᠠᠨ ᠲᠤᠢ᠌ᠯᠵᠢᠯᠳᠡ᠂ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠦᠶ᠎ᠠ ᠭᠡᠵᠦ᠍ ᠵᠢᠭᠠᠵᠤ ᠭᠠᠷᠭᠠᠪᠠ᠃


90aa2931-3265-467d-b809-2c8a1b17c867.png


12 ᠰᠠᠷ᠎ᠠ᠎ᠶ᠋ᠢᠨ 4 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠬᠡᠯᠡᠯᠴᠡᠭᠡ ᠬᠢᠪᠡ᠃ ᠵᠢᠷᠤᠬ ᠪᠤᠯ ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠮᠠᠢ᠌ᠺᠷᠤᠨ ᠪᠣᠯᠤᠨ ᠲᠡᠭᠦᠨ᠎ᠦ ᠬᠠᠳᠤᠨ ᠪᠦᠯᠢᠵᠢᠲ᠎ᠢ ᠤᠭ᠍ᠲᠤᠬᠤ ᠶᠣᠰᠣᠯᠠᠯ ᠶᠠᠪᠤᠭᠤᠯᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠬᠤᠸᠠᠩ ᠵᠢᠩ ᠸᠸᠨ ᠰᠡᠬᠦᠳᠡᠷᠯᠡᠪᠡ


ᠰᠢ ᠵᠢᠨ ᠫᠢᠩ᠂ ᠭᠠᠳᠠᠭᠠᠳᠤ ᠣᠷᠴᠢᠨ ᠬᠡᠷᠬᠢᠨ ᠬᠤᠪᠢᠷᠠᠭ᠍ᠰᠠᠨ ᠴᠤ᠌ ᠳᠤᠮᠳᠠᠳᠤ ᠹᠷᠠᠨᠼᠢ ᠬᠣᠶᠠᠷ ᠤᠯᠤᠰ ᠢᠮᠠᠭ᠍ᠲᠠ ᠲᠤᠮᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠷᠠᠴᠠ ᠪᠣᠯᠤᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ ᠤᠪᠤᠷ᠎ᠢ ᠢᠯᠡᠷᠡᠭᠦᠯᠵᠦ᠍᠂ ᠲᠤᠰ ᠲᠤᠰ᠎ᠤᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠣᠢᠯᠠᠭᠠᠯᠴᠠᠨ ᠲᠡᠮᠵᠢᠵᠤ᠂ ᠳᠤᠮᠳᠠᠳᠤ ᠹᠷᠠᠨᠼᠢ᠎ᠶ᠋ᠢᠨ ᠬᠠᠷᠢᠯᠴᠠᠭ᠎ᠠ᠎ᠶ᠋ᠢᠨ ᠤᠯᠤᠰ ᠲᠦᠷᠦ᠍᠎ᠶ᠋ᠢᠨ ᠰᠠᠭᠤᠷᠢ᠎ᠶ᠋ᠢ ᠰᠠᠢᠲᠤᠷ ᠬᠠᠮᠠᠭᠠᠯᠠᠪᠡᠯ ᠵᠤᠬᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠬᠢᠨᠠᠨ ᠵᠥᠪᠯᠡᠵᠦ᠍ ᠪᠠᠲᠤᠯᠠᠭᠠᠳ᠂ ᠢᠷᠡᠬᠦ 5 ᠵᠢᠯ᠎ᠦᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠭ᠍ᠰᠠᠨ ᠪᠥᠭᠡᠳ ᠳᠡᠯᠡᠬᠡᠢ ᠳ᠋ᠠᠬᠢᠨ᠎ᠳᠤ ᠨᠢᠬᠡᠨ ᠬᠤᠪᠢ 《ᠠᠵᠠ ᠲᠣᠬᠢᠶᠠᠯ᠎ᠤᠨ ᠨᠠᠷᠢᠨ ᠲᠠᠩᠰᠠ》 ᠬᠠᠩᠭᠠᠵᠠᠢ᠃ ᠳᠤᠮᠳᠠᠳᠤ ᠹᠷᠠᠨᠼᠢ ᠬᠣᠶᠠᠷ ᠤᠯᠤᠰ ᠠᠵᠠ ᠲᠣᠬᠢᠶᠠᠯ᠎ᠢ ᠠᠮᠵᠢᠵᠤ᠂ ᠬᠠᠮᠲᠤᠷᠠᠯᠴᠠᠭᠠᠨ᠎ᠤ ᠣᠷᠣᠨ ᠵᠠᠢ᠎ᠪᠠᠨ ᠥᠷᠭᠡᠳᠭᠡᠵᠦ᠍᠂ ᠠᠭᠠᠷ᠎ᠤᠨ ᠠᠶᠠᠯᠠᠯ᠂ ᠰᠠᠨᠰᠠᠷ᠎ᠤᠨ ᠠᠶᠠᠯᠠᠯ᠂ ᠴᠥᠮ᠎ᠡ᠎ᠶ᠋ᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠪᠡᠬᠢᠵᠢᠭᠦᠯᠵᠦ᠍᠂ ᠪᠣᠬᠢᠷᠲᠤᠯ ᠦᠭᠡᠢ ᠠᠵᠤ ᠠᠬᠤᠢ᠂ ᠲᠣᠭᠠᠴᠢᠯᠠᠭ᠍ᠰᠠᠨ ᠠᠵᠤ ᠠᠬᠤᠢ᠂ ᠠᠮᠢᠳᠤ ᠪᠣᠳᠠᠰ᠎ᠤᠨ ᠡᠮ ᠡᠮᠨᠡᠯᠭᠡ᠂ ᠵᠣᠬᠢᠶᠠᠮᠠᠯ ᠤᠶᠤᠨ ᠴᠢᠳᠠᠪᠤᠷᠢ᠂ ᠱᠢᠨ᠎ᠡ ᠡᠨᠧᠷᠭᠢ ᠵᠡᠷᠭᠡ ᠬᠦᠷᠢᠶᠡᠨ ᠳ᠋ᠡᠬᠢ ᠬᠠᠮᠲᠤᠷᠠᠯᠴᠠᠭᠠᠨ᠎ᠤ ᠲᠠᠯᠳᠠ ᠬᠦᠴᠦᠨ᠎ᠢ ᠠᠭᠤᠳᠠᠯᠤᠶ᠎ᠠ᠃ ᠳᠤᠮᠳᠠᠳᠤ᠎ᠤᠯᠤᠰ ᠳᠤᠷᠠᠲᠠᠶ᠎ᠠ ᠹᠷᠠᠨᠼᠢ᠎ᠶ᠋ᠢᠨ ᠨᠡᠩ ᠤᠯᠠᠨ ᠴᠢᠨᠠᠷ ᠰᠠᠢᠲᠠᠢ ᠦᠢᠯᠡᠳᠬᠦᠨ᠎ᠢ ᠣᠷᠣᠭᠤᠯᠤᠨ᠎ᠠ᠂ ᠹᠷᠠᠨᠼᠢ᠎ᠶ᠋ᠢᠨ ᠨᠡᠩ ᠤᠯᠠᠨ ᠠᠵᠤ ᠠᠬᠤᠢᠯᠠᠯ᠎ᠤᠨ ᠳᠤᠮᠳᠠᠳᠤ ᠤᠯᠤᠰ᠎ᠲᠤ ᠢᠷᠡᠵᠦ᠍ ᠬᠥᠭ᠌ᠵᠢᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ᠂ ᠪᠠᠰᠠ ᠹᠷᠠᠨᠼᠢ᠎ᠶ᠋ᠢᠨ ᠬᠢᠨ ᠳᠤᠮᠳᠠᠳᠤ ᠤᠯᠤᠰ᠎ᠤᠨ ᠠᠵᠤ ᠠᠬᠤᠢᠯᠠᠯ᠎ᠳᠤ ᠲᠥᠪ ᠭᠣᠣᠯᠴᠢ ᠣᠷᠴᠢᠨ ᠨᠦᠬᠦᠴᠡᠯ ᠪᠠ ᠲᠣᠭ᠍ᠲᠠᠭᠤᠨ᠎ᠤ ᠵᠢᠱ᠌ᠢᠯᠲᠡ ᠬᠠᠩᠭᠠᠬᠤ᠎ᠶ᠋ᠢ ᠬᠦᠰᠡᠵᠦ᠍ ᠪᠠᠢᠨ᠎ᠠ᠃ ᠳᠤᠮᠳᠠᠳᠤ ᠹᠷᠠᠨᠼᠢ ᠬᠣᠶᠠᠷ ᠤᠯᠤᠰ᠎ᠤᠨ ᠠᠷᠠᠳ ᠲᠦᠮᠡᠨ ᠠᠶᠠᠨᠳᠠᠭᠠᠨ᠎ᠤ ᠬᠠᠯᠠᠭᠤᠨ ᠳᠣᠲᠣᠨᠣᠰᠤᠭ ᠲᠦᠷᠦᠭ᠌ᠳᠡᠯ᠎ᠲᠡᠶ ᠶᠤᠮ᠂ ᠰᠣᠶᠣᠯ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠣᠷᠣᠨ ᠨᠤᠲᠤᠭ ᠵᠡᠷᠭᠡ ᠬᠦᠷᠢᠶᠡᠨ᠎ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠭᠣᠢᠳᠠ ᠰᠠᠢᠬᠠᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠶ᠎ᠡ ᠭᠡᠵᠤ ᠴᠢᠬᠤᠯᠠᠴᠢᠯᠠᠪᠠ᠃

ᠰᠢ ᠵᠢᠨ ᠫᠢᠩ᠂ ᠣᠳᠣᠬᠠᠨ᠎ᠤ ᠳᠡᠯᠡᠬᠡᠢ ᠶᠢᠷᠲᠢᠨᠴᠦ᠍ ᠮᠠᠰᠢ ᠲᠠᠢᠪᠤᠩ ᠪᠤᠰᠤ᠂ ᠤᠯᠠᠨ ᠴᠡᠭ᠎ᠲᠦ ᠬᠠᠯᠠᠮᠱᠢᠯ ᠠᠰᠠᠭᠤᠳᠠᠯ ᠡᠭᠦᠰᠴᠦ᠍᠂ ᠱᠢᠢᠳᠪᠦᠷᠢᠯᠡᠬᠦ᠌᠎ᠳᠦ ᠪᠡᠷᠭᠡ ᠪᠤᠳᠤᠯᠢᠶᠠᠨᠲᠠᠢ ᠪᠠᠢᠨ᠎ᠠ᠃ ᠳᠤᠮᠳᠠᠳᠤ ᠹᠷᠠᠨᠼᠢ ᠪᠣᠯ ᠴᠥᠮ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠭᠦᠰᠭᠡᠨ ᠪᠠᠢᠭᠤᠯᠤᠭ᠍ᠴᠢ ᠪᠦᠷᠢᠯᠳᠦᠬᠦᠨ ᠤᠯᠤᠰ ᠪᠠ ᠠᠶᠤᠯ ᠦᠭᠡᠢ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠮᠥᠨ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ ᠪᠠ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠤᠯᠠᠨ ᠤᠯᠤᠰ᠎ᠤᠨ ᠡᠮᠬᠢ ᠳᠢᠭ᠌ᠯᠢᠮ᠎ᠢ ᠬᠠᠮᠠᠭᠠᠯᠠᠵᠤ᠂ ᠤᠯᠤᠰ ᠲᠦᠷᠦ᠍᠎ᠪᠡᠷ ᠵᠠᠭᠤᠷᠠᠯᠳᠤᠭᠠᠨ ᠲᠠᠮᠠᠴᠡᠬᠡᠨ᠎ᠢ ᠱᠢᠢᠳᠪᠦᠷᠢᠯᠡᠬᠦ᠌᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠠᠬᠢᠭᠤᠯᠬᠤ ᠲᠤᠬᠠᠢ ᠤᠯᠤᠯᠴᠠᠭ᠎ᠠ ᠪᠠ ᠬᠠᠮᠵᠢᠯᠴᠠᠭ᠎ᠠ᠎ᠪᠠᠨ ᠴᠢᠩᠭᠠᠳᠭᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌᠎ᠶ᠋ᠢ ᠠᠬᠢᠭᠤᠯᠪᠡᠯ ᠵᠤᠬᠢᠨ᠎ᠠ᠃ ᠣᠳᠣᠬᠠᠨ᠎ᠳᠤ᠂ ᠳᠡᠯᠡᠬᠡᠢ ᠳ᠋ᠠᠬᠢᠨ᠎ᠳᠤ ᠬᠦᠭᠵᠢᠵᠤ ᠪᠠᠢᠭ᠎ᠠ ᠤᠯᠤᠰ ᠪᠠ ᠬᠦᠭᠵᠢᠭᠰᠡᠨ ᠤᠯᠤᠰ᠎ᠤᠨ ᠬᠥᠭ᠌ᠵᠢᠯᠲᠡ ᠲᠡᠩᠴᠡᠭᠦᠷᠢ ᠦᠭᠡᠢ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠤᠯᠠᠨ ᠤᠯᠤᠰ᠎ᠤᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠳᠠᠬᠢ ᠲᠥᠯᠥᠭᠡᠯᠡᠬᠦ᠌ ᠴᠢᠨᠠᠷ ᠬᠦᠷᠦᠯᠴᠡᠬᠦ᠌ ᠦᠭᠡᠢ ᠪᠠᠢᠬᠤ ᠵᠡᠷᠭᠡ ᠮᠠᠰᠢ ᠤᠯᠠᠨ ᠲᠡᠩᠴᠡᠭᠦᠷᠢ ᠦᠭᠡᠢ ᠠᠰᠠᠭᠤᠳᠠᠯ ᠣᠷᠣᠱᠢᠵᠤ ᠪᠠᠢᠨ᠎ᠠ᠂ ᠡᠯ᠎ᠡ ᠤᠯᠤᠰ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠠᠵᠢᠯᠯᠠᠭ᠎ᠠ᠎ᠪᠠᠨ ᠵᠣᠬᠢᠴᠠᠭᠤᠯᠵᠤ᠂ ᠭᠠᠷ ᠬᠣᠯᠪᠣᠨ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠵᠠᠰᠠᠯᠲᠠ᠎ᠶ᠋ᠢᠨ ᠨᠡᠩ ᠡᠷᠬᠡ ᠲᠡᠭ᠌ᠰᠢ᠂ ᠲᠥᠪ ᠭᠣᠣᠯᠴᠢ᠂ ᠵᠦᠢ ᠵᠣᠬᠢᠰᠲᠠᠢ ᠪᠠᠢᠬᠤ᠎ᠶ᠋ᠢ ᠠᠬᠢᠭᠤᠯᠪᠠᠯ ᠵᠣᠬᠢᠨ᠎ᠠ᠃ ᠳᠤᠮᠳᠠᠳᠤ ᠧᠦ᠋ᠷᠣᠫᠠ᠎ᠶ᠋ᠢᠨ 50 ᠵᠢᠯ᠎ᠦᠨ ᠲᠤᠷᠱᠢᠬᠢ ᠶᠠᠪᠤᠯᠴᠠᠭ᠎ᠠ ᠬᠠᠮᠲᠤᠷᠠᠯᠴᠠᠭ᠎ᠠ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠵᠥ᠍᠂ ᠬᠠᠷᠢᠯᠴᠠᠨ ᠠᠮᠵᠢᠯᠲᠠ ᠪᠦᠲᠦᠮᠵᠢ ᠤᠯᠪᠠ᠃ ᠡᠯ᠎ᠡ ᠤᠯᠤᠰ᠎ᠤᠨ ᠠᠵᠤ ᠦᠢᠯᠡᠰ ᠪᠠ ᠬᠠᠩᠭᠠᠯᠭ᠎ᠠ᠎ᠶ᠋ᠢᠨ ᠬᠡᠯᠬᠢᠶ᠎ᠡ ᠭᠦᠨᠵᠡᠭᠡᠢ ᠠᠭᠤᠰᠤᠯᠴᠠᠵᠤ᠂ ᠨᠡᠭᠡᠭᠡᠯᠲᠡᠲᠦ ᠬᠠᠮᠲᠤᠷᠠᠯᠴᠠᠭ᠎ᠠ ᠨᠢ ᠬᠦᠭᠵᠢᠯᠳᠠ ᠵᠢᠨ ᠠᠵᠠ ᠲᠣᠬᠢᠶᠠᠯ᠎ᠢ ᠠᠪᠴᠢᠷᠠᠨ᠎ᠠ᠂ 《ᠬᠠᠷᠢᠴᠠᠭ᠎ᠠ ᠬᠤᠯᠪᠤᠭ᠎ᠠ ᠪᠠᠨ ᠲᠠᠰᠤᠯᠬᠤ》 ᠨᠢ ᠥᠪᠡᠷ᠎ᠢ᠎ᠪᠡᠨ ᠪᠢᠲᠡᠭᠦᠮᠵᠢᠯᠡᠬᠦ᠎ᠵᠢ ᠬᠠᠷᠠᠭᠤᠯᠵᠤ ᠪᠠᠢᠨ᠎ᠠ᠃ ᠬᠠᠮᠠᠭᠠᠯᠠᠬᠤ ᠦᠵᠡᠯ ᠨᠢ ᠳᠡᠯᠡᠬᠡᠢ᠎ᠶ᠋ᠢᠨ ᠠᠵᠤ ᠦᠢᠯᠡᠰ᠎ᠦᠨ ᠪᠦᠲᠦᠴᠡ᠎ᠶ᠋ᠢᠨ ᠲᠤᠬᠢᠷᠠᠭᠤᠯᠤᠯᠳᠠ᠎ᠶ᠋ᠢᠨ ᠠᠰᠠᠭᠤᠳᠠᠯ᠎ᠢ ᠱᠢᠢᠳᠪᠦᠷᠢᠯᠡᠵᠦ᠍ ᠳᠡᠢᠯᠬᠦ᠌ ᠦᠭᠡᠢ᠂ ᠭᠡᠳᠡᠷᠭᠦ᠎ᠪᠡᠨ ᠤᠯᠠᠨ ᠤᠯᠤᠰ᠎ᠤᠨ ᠠᠷᠠᠯᠵᠢᠶᠠᠨ᠎ᠤ ᠣᠷᠴᠢᠨ ᠲᠣᠭᠣᠷᠢᠨ᠎ᠢ ᠮᠠᠭᠤᠳᠠᠭᠤᠯᠬᠤ ᠪᠣᠯᠤᠨ᠎ᠠ᠃ ᠳᠤᠮᠳᠠᠳᠤ ᠧᠦ᠋ᠷᠣᠫᠠ ᠬᠣᠶᠠᠷ ᠲᠠᠯ᠎ᠠ᠎ᠪᠠᠷ᠎ᠢᠶᠠᠨ ᠬᠠᠨᠢᠲᠠᠨ᠎ᠤ ᠬᠠᠷᠢᠯᠴᠠᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠡᠭᠡᠭᠡᠯᠲᠡᠲᠦ ᠣᠪᠣᠷ᠎ᠢᠶᠠᠷ ᠬᠠᠮᠲᠤᠷᠠᠯᠴᠠᠭ᠎ᠠ᠎ᠪᠠᠨ ᠠᠬᠢᠭᠤᠯᠵᠤ᠂ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ᠎ᠶ᠋ᠢᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠂ ᠬᠠᠮᠲᠤᠷᠠᠯᠴᠠᠵᠦ᠍ ᠬᠠᠮᠲᠤ᠎ᠪᠠᠷ ᠠᠱᠢᠭ ᠬᠦᠷᠳᠡᠬᠦ᠌ ᠵᠥᠪ ᠵᠠᠮ᠎ᠢᠶᠠᠷ ᠬᠥᠭ᠌ᠵᠢᠬᠦ᠌᠎ᠶ᠋ᠢ ᠪᠠᠲᠤᠯᠠᠪᠠᠯ ᠵᠣᠬᠢᠨ᠎ᠠ ᠭᠡᠵᠤ ᠴᠢᠬᠤᠯᠠᠴᠢᠯᠠᠪᠠ᠃

ᠮᠠᠢ᠌ᠺᠷᠤᠨ᠂ ᠹᠷᠠᠨᠼᠢ ᠳᠤᠮᠳᠠᠳᠤ ᠳᠡᠭᠡᠳᠦ ᠳᠠᠪᠬᠤᠷᠭ᠎ᠠ᠎ᠶ᠋ᠢᠨ ᠨᠢᠭ᠍ᠲᠠ ᠶᠠᠪᠤᠯᠴᠠᠭ᠎ᠠ᠎ᠪᠠᠨ ᠪᠠᠲᠤᠯᠠᠵᠤ᠂ ᠢᠮᠠᠭ᠍ᠲᠠ ᠬᠠᠷᠢᠯᠴᠠᠨ ᠢᠲᠡᠭᠡᠯᠴᠡᠵᠦ᠍᠂ ᠬᠠᠷᠢᠯᠴᠠᠨ ᠬᠦᠨᠳᠦᠳᠭᠡᠭ᠌ᠰᠡᠭᠡᠷ ᠢᠷᠡᠵᠠᠢ᠃ ᠹᠷᠠᠨᠼᠢ᠎ᠶ᠋ᠢᠨ ᠬᠢᠨ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠳᠤᠷᠠᠲᠠᠶ᠎ᠠ ᠹᠷᠠᠨᠼᠢ ᠳᠤᠮᠳᠠᠳᠤ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠹᠷᠠᠨᠼᠢ᠎ᠶ᠋ᠢᠨ ᠬᠢᠨ ᠳᠤᠮᠳᠠᠳᠤ ᠤᠯᠤᠰ᠎ᠤᠨ ᠠᠵᠤ ᠠᠬᠤᠢ ᠥᠷᠨᠢᠩᠭᠦᠢ ᠬᠥᠭ᠌ᠵᠢᠵᠤ᠂ ᠨᠡᠭᠡᠭᠡᠯᠲᠡᠲᠦ ᠬᠠᠮᠲᠤᠷᠠᠯᠴᠠᠭ᠎ᠠ᠎ᠶ᠋ᠢ ᠪᠠᠷᠢᠮᠲᠠᠯᠠᠵᠤ᠂ ᠳᠡᠯᠡᠬᠡᠢ ᠳ᠋ᠠᠬᠢᠨ᠎ᠳᠤ ᠨᠡᠩ ᠤᠯᠠᠨ ᠠᠵᠠ ᠲᠣᠬᠢᠶᠠᠯ ᠣᠯᠭᠣᠬᠤ᠎ᠵᠢ ᠪᠠᠶᠠᠷᠯᠠᠨ ᠬᠠᠷᠠᠵᠤ ᠪᠠᠢᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠷᠢᠯᠴᠠᠨ ᠪᠡᠯᠡ ᠣᠷᠣᠭᠤᠯᠤᠯᠲᠠ᠎ᠪᠠᠨ ᠠᠬᠢᠭᠤᠯᠵᠤ᠂ ᠠᠵᠤ ᠠᠬᠤᠢ ᠠᠷᠠᠯᠵᠢᠶ᠎ᠠ᠂ ᠲᠠᠬᠢᠨ ᠡᠭᠦᠰᠴᠦ᠍ ᠪᠣᠯᠬᠤ ᠡᠨᠧᠷᠭᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠥᠬᠥᠷᠰᠡᠭ ᠰᠣᠶᠣᠯ᠎ᠤᠨ ᠰᠣᠯᠢᠯᠴᠠᠭ᠎ᠠ᠎ᠪᠠᠨ ᠠᠬᠢᠭᠤᠯᠤᠨ᠎ᠠ᠃ ᠹᠷᠠᠨᠼᠢ᠎ᠶ᠋ᠢᠨ ᠬᠢᠨ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠹᠷᠠᠨᠼᠢ᠎ᠳᠤ ᠣᠴᠢᠵᠤ ᠪᠡᠯᠡ ᠣᠷᠣᠭᠤᠯᠬᠤ᠎ᠶ᠋ᠢ ᠪᠠᠶᠠᠷᠯᠠᠨ ᠤᠭ᠍ᠲᠤᠵᠤ᠂ ᠳᠤᠷᠠᠲᠠᠶ᠎ᠠ ᠡᠷᠬᠡ ᠲᠡᠭ᠌ᠰᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠠᠩᠭᠠᠨ᠎ᠠ᠃ ᠹᠷᠠᠨᠼᠢ᠎ᠶ᠋ᠢᠨ ᠬᠢᠨ ᠧᠦ᠋ᠷᠣᠫᠠ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠡᠷᠡᠭᠦᠯ ᠪᠦᠬᠡᠳ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠷᠮᠠᠢᠨ᠎ᠠ᠂ ᠧᠦ᠋ᠷᠣᠫᠠ ᠳᠤᠮᠳᠠᠳᠤ᠎ᠶ᠋ᠢᠨ ᠬᠢᠨ ᠶᠠᠷᠢᠯᠴᠠᠭ᠎ᠠ ᠬᠠᠮᠲᠤᠷᠠᠯᠴᠠᠭ᠎ᠠ ᠬᠢᠬᠦ᠌᠎ᠶ᠋ᠢ ᠪᠠᠷᠢᠮᠲᠠᠯᠠᠵᠤ᠂ ᠧᠦ᠋ᠷᠣᠫᠠ ᠲᠢᠪ᠎ᠦᠨ ᠬᠢᠨ ᠪᠠᠢᠯᠳᠤᠬᠤ ᠪᠤᠳᠤᠯᠭ᠎ᠠ᠎ᠶ᠋ᠢᠨ ᠪᠡᠶ᠎ᠡ᠎ᠪᠡᠨ ᠳᠠᠭᠠᠭᠠᠬᠤ᠎ᠶ᠋ᠢ ᠪᠡᠶᠡᠯᠡᠭᠦᠯᠪᠡᠯ ᠵᠣᠬᠢᠨ᠎ᠠ ᠭᠡᠵᠦ᠍ ᠦᠵᠡᠵᠦ᠍ ᠪᠠᠢᠨ᠎ᠠ᠃ ᠳᠡᠯᠡᠬᠡᠢ᠎ᠶ᠋ᠢᠨ ᠭᠠᠵᠠᠷ ᠣᠷᠣᠨ᠎ᠤ ᠪᠠᠢᠳᠠᠯ ᠲᠣᠭ᠍ᠲᠠᠭᠤᠨ ᠪᠤᠰᠤ᠂ ᠤᠯᠠᠨ ᠲᠠᠯ᠎ᠠ᠎ᠶ᠋ᠢᠨ ᠡᠮᠬᠢ ᠳᠢᠭ᠌ᠯᠢᠮ ᠴᠤᠬᠢᠯᠳᠠ᠎ᠳᠤ ᠤᠴᠠᠷᠠᠵᠦ ᠪᠠᠢᠬᠤ ᠪᠠᠢᠳᠠᠯ᠎ᠤᠨ ᠡᠮᠦᠨ᠎ᠡ᠂ ᠹᠷᠠᠨᠼᠢ ᠳᠤᠮᠳᠠᠳᠤ᠎ᠶ᠋ᠢᠨ ᠬᠠᠮᠲᠤᠷᠠᠯᠴᠠᠭ᠎ᠠ ᠨᠡᠩ ᠴᠢᠬᠤᠯᠠ᠂ ᠳᠤᠲᠠᠭ᠍ᠳᠠᠵᠤ ᠪᠣᠯᠤᠰᠢ ᠦᠭᠡᠢ ᠶᠤᠮ᠃ ᠹᠷᠠᠨᠼᠢ᠎ᠶ᠋ᠢᠨ  ᠬᠢᠨ ᠲᠡᠷᠢᠭᠦᠯᠡᠭ᠌ᠴᠢ ᠰᠢ ᠵᠢᠨ ᠫᠢᠩ᠎ᠦᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌᠂ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠨᠡᠩ ᠲᠡᠩᠴᠡᠭᠦᠷᠢᠲᠡᠢ ᠪᠣᠯᠬᠤ᠎ᠶ᠋ᠢ ᠠᠬᠢᠭᠤᠯᠬᠤ ᠲᠤᠬᠠᠢ ᠰᠠᠨᠠᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠲᠤᠮᠤ ᠤᠯᠤᠰ᠎ᠤᠨ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠵᠦ᠍᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠵᠣᠬᠢᠶᠠᠮᠠᠯ ᠤᠶᠤᠨ ᠴᠢᠳᠠᠪᠤᠷᠢ᠎ᠶ᠋ᠢᠨ ᠵᠠᠰᠠᠯᠲᠠ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠪᠡ᠃

ᠬᠣᠶᠠᠷ ᠤᠯᠤᠰ᠎ᠤᠨ ᠲᠡᠷᠢᠭᠦᠨ ᠦᠺᠷᠠᠢᠨ᠎ᠤ ᠬᠢᠮᠤᠷᠠᠯ᠎ᠤᠨ ᠲᠤᠬᠠᠶ ᠰᠠᠨᠠᠯ᠎ᠢᠶᠠᠨ ᠰᠣᠯᠢᠯᠴᠠᠪᠠ᠃ ᠰᠢ ᠵᠢᠨ ᠫᠢᠩ᠂ ᠳᠤᠮᠳᠠᠳᠤ ᠤᠯᠤᠰ ᠡᠩᠬᠡ ᠲᠠᠢᠪᠤᠩ᠎ᠳᠤ ᠠᠱᠢᠭ᠍ᠲᠠᠢ ᠠᠯᠢᠪᠠ ᠴᠢᠷᠮᠠᠢᠯᠭ᠎ᠠ᠎ᠶ᠋ᠢ ᠳᠡᠮᠵᠢᠵᠦ᠍᠂ ᠦᠷᠭᠦᠯᠵᠢᠯᠡᠨ ᠥᠪᠡᠷ᠎ᠦᠨ ᠠᠷᠭ᠎ᠠ ᠬᠡᠯᠪᠡᠷᠢ᠎ᠪᠡᠷ᠎ᠢᠶᠡᠨ ᠬᠢᠮᠤᠷᠠᠯ᠎ᠢ ᠤᠯᠤᠰ ᠲᠦᠷᠦ ᠪᠡᠷ ᠱᠢᠢᠳᠪᠦᠷᠢᠯᠡᠬᠦ᠎ᠳᠦ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ᠃ ᠳᠤᠮᠳᠠᠳᠤ ᠤᠯᠤᠰ ᠧᠦ᠋ᠷᠣᠫᠠ ᠲᠢᠪ᠎ᠦᠨ ᠤᠯᠤᠰ᠎ᠤᠳ᠎ᠤᠨ ᠦᠵᠡᠭᠦᠯᠪᠡᠰᠦ ᠵᠣᠬᠢᠬᠤ ᠦᠢᠯᠡᠳᠦᠯ᠎ᠢᠶᠡᠨ ᠪᠠᠳᠠᠷᠠᠭᠤᠯᠬᠤ ᠵᠢᠴᠢ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ᠌ ᠧᠦ᠋ᠷᠣᠫᠠ ᠲᠢᠪ᠎ᠦᠨ ᠠᠮᠤᠷ ᠲᠦᠪᠱᠢᠨ᠎ᠦ ᠪᠣᠷᠣ ᠲᠥᠯᠥᠪ᠎ᠢ ᠪᠠᠢᠭᠤᠯᠬᠤ᠎ᠶ᠋ᠢ ᠠᠬᠢᠭᠤᠯᠬᠤ᠎ᠶ᠋ᠢ ᠳᠡᠮᠵᠢᠨ᠎ᠠ ᠭᠡᠵᠦ ᠵᠢᠭᠠᠵᠤ ᠭᠠᠷᠭᠠᠪᠠ᠃

ᠬᠡᠯᠡᠯᠴᠡᠭᠡ ᠲᠡᠭᠦᠰᠦᠭ᠌ᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ ᠴᠥᠮ᠎ᠡ᠎ᠶ᠋ᠢᠨ ᠡᠨᠧᠷᠭᠢ᠂ ᠲᠠᠷᠢᠶᠠᠯᠠᠩ ᠢᠳᠡᠭᠡᠨ᠎ᠤ ᠠᠵᠤ ᠦᠢᠯᠡᠰ᠂ ᠰᠤᠷᠭᠠᠨ ᠬᠥᠮᠦᠵᠢᠯ᠂ ᠠᠮᠢ ᠠᠬᠤᠢ ᠣᠷᠴᠢᠨ ᠲᠣᠭᠣᠷᠢᠨ ᠵᠡᠷᠭᠡ ᠬᠦᠷᠢᠶᠡᠨ ᠳ᠋ᠡᠬᠢ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃

ᠬᠣᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠲᠠᠶ ᠠᠭᠤᠯᠵᠠᠪᠠ᠃

ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠮᠠᠢ᠌ᠺᠷᠤᠨ ᠪᠣᠯᠤᠨ ᠲᠡᠭᠦᠨ᠎ᠦ ᠬᠠᠳᠤᠨ ᠪᠦᠯᠢᠵᠢᠲ᠎ᠢ ᠤᠭ᠍ᠲᠤᠬᠤ ᠶᠣᠰᠣᠯᠠᠯ ᠶᠠᠪᠤᠭᠤᠯᠪᠠ᠃

ᠮᠠᠢ᠌ᠺᠷᠤᠨ ᠬᠦᠷᠴᠦ᠍ ᠢᠷᠡᠬᠦ᠌ ᠦᠶ᠎ᠠ᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠹᠷᠠᠨᠼᠢ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭᠠᠷᠭᠠᠪᠠ᠃ ᠮᠠᠢ᠌ᠺᠷᠤᠨ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃

ᠲᠤᠰ ᠡᠳᠦᠷ᠎ᠦᠨ ᠦᠳᠡ᠎ᠳᠦ᠂ ᠰᠢ ᠵᠢᠨ ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭᠠᠯ ᠲᠢᠩᠬᠢᠮ᠎ᠳᠦ ᠮᠠᠢ᠌ᠺᠷᠤᠨ ᠪᠤᠯᠤᠨ ᠲᠡᠭᠦᠨ᠎ᠤ ᠬᠠᠳᠤᠨ᠎ᠢ ᠤᠭ᠍ᠲᠤᠬᠤ ᠳᠠᠢᠯᠠᠯᠭ᠎ᠠ ᠬᠢᠪᠡ᠃

ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号