ᠰᠢ ᠵᠢᠨ ᠫᠢᠩ ᠳᠤᠮᠳᠠᠳᠤ ᠹᠷᠠᠨᠼᠢ᠎ᠶ᠋ᠢᠨ ᠠᠵᠤ ᠠᠬᠤᠢᠯᠠᠯᠲᠠᠳ᠎ᠤᠨ ᠵᠥᠪᠯᠡᠯ᠎ᠦᠨ ᠳᠣᠯᠣᠳᠤᠭᠠᠷ ᠤᠳᠠᠭ᠎ᠠ᠎ᠶ᠋ᠢᠨ ᠬᠤᠷᠠᠯ᠎ᠤᠨ ᠲᠡᠭᠦᠰᠭᠦ ᠶᠣᠰᠣᠯᠠᠯ᠎ᠳᠤ ᠣᠷᠣᠯᠴᠠᠬᠰᠡᠨ ᠪᠦᠭᠡᠳ ᠪᠠᠶᠠᠷ᠎ᠤᠨ ᠦᠭᠡ ᠬᠡᠯᠡᠪᠡ
2025-12-05 09:43:21
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠳ᠋ᠦᠩ ᠱᠢᠤᠸᠠᠢ ᠹᠸᠩ ᠱᠢᠨ ᠷᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 4 ᠤ᠋ ᠦᠳᠡ᠎ᠳᠦ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠳᠦ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠬᠠᠮᠲᠤ ᠳᠤᠮᠳᠠᠳᠤ ᠹᠷᠠᠨᠼᠢ᠎ᠶ᠋ᠢᠨ ᠠᠵᠤ ᠠᠬᠤᠢᠯᠠᠯᠲᠠᠳ ᠤ᠋ᠨ ᠵᠥᠪᠯᠡᠯ᠎ᠦᠨ ᠳᠣᠯᠣᠳᠤᠭᠠᠷ ᠤᠳᠠᠭ᠎ᠠ᠎ᠶ᠋ᠢᠨ ᠬᠤᠷᠠᠯ᠎ᠤᠨ ᠲᠡᠭᠦᠰᠭᠦ ᠶᠣᠰᠣᠯᠠᠯ᠎ᠳᠤ ᠣᠷᠣᠯᠴᠠᠭ᠍ᠰᠠᠨ ᠪᠥᠭᠡᠳ ᠪᠠᠶᠠᠷ᠎ᠤᠨ ᠦᠭᠡ ᠬᠡᠯᠡᠪᠡ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠹᠷᠠᠨᠼᠢ᠎ᠶ᠋ᠢᠨ ᠬᠠᠷᠢᠯᠴᠠᠭᠠᠨ᠎ᠤ 《ᠰᠢᠨ᠎ᠠ ᠵᠢᠷᠠᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠬᠦᠷᠢᠶ᠎ᠡ ᠲᠠᠰᠤᠷᠠᠯᠳᠡ ᠦᠭᠡᠢ ᠥᠷᠭᠡᠵᠢᠵᠦ᠍᠂ ᠤᠶᠠᠨ ᠬᠠᠳᠠᠨ ᠴᠢᠨᠠᠷ ᠲᠠᠰᠤᠷᠠᠯᠳᠡ ᠦᠭᠡᠢ ᠴᠢᠩᠭᠠᠷᠠᠪᠠ᠃ ᠲᠦᠷᠦᠭᠦᠦ 10 ᠰᠠᠷ᠎ᠠ᠎ᠳᠤ᠂ ᠬᠣᠶᠠᠷ ᠲᠠᠯ᠎ᠠ᠎ᠶ᠋ᠢᠨ ᠠᠷᠠᠯᠵᠢᠶᠠᠨ᠎ᠤ ᠬᠡᠮᠵᠢᠶ᠎ᠡ 687.5 ᠳ᠋ᠦᠩᠱᠢᠭᠤᠷ ᠳ᠋ᠣᠯᠯᠠᠷ᠎ᠲᠤ ᠬᠦᠷᠴᠦ᠍᠂ ᠬᠣᠣᠰ ᠴᠢᠭ᠌ᠯᠡᠯ᠎ᠦᠨ ᠪᠡᠯᠡ ᠣᠷᠣᠭᠤᠯᠤᠯᠲᠠ᠎ᠶ᠋ᠢᠨ ᠬᠡᠮᠵᠢᠶ᠎ᠡ ᠨᠡᠢᠲᠡ 270 ᠳ᠋ᠦᠩᠱᠢᠭᠤᠷ ᠳ᠋ᠣᠯᠯᠠᠷ᠎ᠢ ᠳᠠᠪᠠᠪᠠ᠃ ᠬᠣᠶᠠᠷ ᠲᠠᠯ᠎ᠠ᠎ᠪᠠᠷ᠎ᠢᠶᠠᠨ ᠭᠠᠳᠠᠭᠠᠳᠤ ᠬᠠᠷᠢᠯᠴᠠᠭ᠎ᠠ ᠪᠠᠢᠭᠤᠯᠤᠬᠰᠡᠨ ᠤᠭ ᠰᠠᠨᠠᠭ᠎ᠠ᠎ᠪᠠᠨ ᠪᠠᠷᠢᠮᠲᠠᠯᠠᠵᠤ᠂ ᠠᠵᠠ ᠲᠣᠬᠢᠶᠠᠯ᠎ᠢ ᠠᠮᠵᠢᠨ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠳᠤᠮᠳᠠᠳᠤ ᠹᠷᠠᠨᠼᠢ᠎ᠶ᠋ᠢᠨ ᠬᠠᠮᠲᠤᠷᠠᠯᠴᠠᠭᠠᠨ᠎ᠤ ᠨᠡᠩ ᠰᠠᠢ᠌ᠨ ᠰᠠᠢᠬᠠᠨ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍᠂ ᠳᠤᠮᠳᠠᠳᠤ ᠹᠷᠠᠨᠼᠢ᠎ᠶ᠋ᠢᠨ ᠬᠠᠷᠢᠯᠴᠠᠭᠠᠨ᠎ᠤ ᠲᠣᠭ᠍ᠲᠠᠪᠤᠷᠢᠳᠤ ᠴᠢᠨᠠᠷ᠎ᠢᠶᠠᠷ ᠣᠳᠣᠬᠠᠨ᠎ᠤ ᠳᠡᠯᠡᠬᠡᠢ᠎ᠶ᠋ᠢᠨ ᠲᠣᠭ᠍ᠲᠠᠭᠠᠯᠳᠤ ᠪᠤᠰᠤ ᠴᠢᠨᠠᠷ᠎ᠢ ᠠᠷᠭᠠᠴᠠᠭᠠᠶ᠎ᠠ᠃

ᠨᠢᠭᠡ᠎ᠳᠦ᠂ ᠬᠣᠶᠠᠷ ᠲᠠᠯ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠮᠳᠤᠷᠠᠯᠴᠠᠭᠠᠨ᠎ᠤ ᠱᠢᠨ᠎ᠡ ᠬᠦᠷᠢᠶ᠎ᠡ᠎ᠶ᠋ᠢ ᠥᠷᠭᠡᠳᠭᠡᠶ᠎ᠠ᠃ ᠳᠤᠮᠳᠠᠳᠤ᠎ᠤᠯᠤᠰ ᠹᠷᠠᠨᠼᠢ᠎ᠵᠢᠨ ᠬᠢᠨ ᠢ᠋ ᠴᠢᠬᠤᠯᠠ᠂ ᠳᠤᠲᠠᠭ᠍ᠳᠠᠵᠤ ᠪᠣᠯᠤᠰᠢ ᠦᠭᠡᠢ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠬᠠᠨᠢᠲᠠᠨ᠎ᠢᠶᠠᠷ ᠦᠵᠡᠵᠦ᠍ ᠪᠠᠢᠨ᠎ᠠ᠂ ᠹᠷᠠᠨᠼᠢ᠎ᠶ᠋ᠢᠨ ᠬᠢᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠳᠤ ᠢᠳᠡᠪᠬᠢᠲᠡᠢ ᠣᠷᠣᠯᠴᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠂ ᠪᠣᠳᠠᠲᠤ ᠬᠦᠴᠦᠨ ᠲᠠᠢ᠂ ᠤᠴᠢᠬᠤ ᠬᠦᠰᠡᠯ ᠰᠠᠨᠠᠭ᠎ᠠ ᠲᠠᠢ ᠳᠤᠮᠳᠠᠳᠤ᠎ᠤᠯᠤᠰ ᠤ᠋ᠨ ᠠᠵᠤ ᠠᠬᠤᠢᠯᠠᠯ᠎ᠤᠨ ᠹᠷᠠᠨᠼᠢ᠎ᠳᠤ ᠬᠦᠷᠴᠦ᠍ ᠪᠡᠯᠡ ᠣᠷᠣᠭᠤᠯᠤᠨ ᠠᠵᠢᠯ ᠦᠢᠯᠡᠰ᠎ᠢᠶᠡᠨ ᠬᠥᠭ᠌ᠵᠢᠭᠦᠯᠬᠦ᠌᠎ᠶ᠋ᠢ ᠳᠡᠮᠵᠢᠨ᠎ᠠ᠃ ᠬᠣᠶᠠᠷ ᠲᠠᠯ᠎ᠠ᠎ᠪᠠᠷ᠎ᠢᠶᠠᠨ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠥᠬᠡᠶ ᠪᠠ ᠲᠣᠭᠠᠴᠢᠯᠠᠭ᠍ᠰᠠᠨ ᠠᠵᠤ ᠠᠬᠤᠶ᠂ ᠠᠮᠢᠳᠤ ᠪᠣᠳᠠᠰ᠎ᠤᠨ ᠡᠮ ᠡᠮᠨᠡᠯᠭᠡ᠂ ᠪᠤᠭᠤᠷᠤᠯᠴᠤᠳ᠎ᠤᠨ ᠠᠵᠤ ᠠᠬᠤᠶ ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳ᠋ᠡᠬᠢ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠨᠡᠭᠡᠭᠡᠯᠲᠡᠲᠦ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠬᠣᠶᠠᠷ ᠤᠯᠤᠰ᠎ᠤᠨ ᠠᠵᠤ ᠠᠬᠤᠢᠯᠠᠯ᠎ᠳᠤ ᠡᠷᠬᠡ ᠲᠡᠭ᠌ᠰᠢ᠂ ᠢᠯᠡ ᠲᠣᠳᠣ᠂ ᠦᠯᠤ ᠭᠠᠳᠠᠭᠤᠷᠴᠢᠯᠠᠬᠤ᠂ ᠵᠢᠱ᠌ᠢᠵᠦ᠍ ᠪᠣᠯᠬᠤᠢᠴᠠ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ ᠬᠠᠩᠭᠠᠶ᠎ᠠ᠃

ᠬᠣᠶᠠᠷ᠎ᠲᠤ᠂ ᠳᠤᠮᠳᠠᠳᠤ ᠧᠦ᠋ᠷᠣᠫᠠ᠎ᠶ᠋ᠢᠨ ᠬᠠᠷᠢᠯᠴᠠᠨ ᠠᠱᠢᠭ᠍ᠲᠠᠢ ᠬᠠᠮᠲᠤᠷᠠᠯᠴᠠᠭᠠᠨ᠎ᠤ ᠱᠢᠨ᠎ᠡ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠶ᠎ᠠ᠃ ᠡᠨᠡ ᠵᠢᠯ ᠪᠣᠯ ᠳᠤᠮᠳᠠᠳᠤ ᠧᠦ᠋ᠷᠣᠫᠠ᠎ᠶ᠋ᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ ᠪᠣᠯᠤᠨ᠎ᠠ᠃ ᠳᠤᠮᠳᠠᠳᠤ ᠧᠦ᠋ᠷᠣᠫᠠ᠎ᠶ᠋ᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠎ᠶ᠋ᠢᠨ ᠮᠥᠨ ᠴᠢᠨᠠᠷ ᠪᠣᠯ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ᠍᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠶᠠᠪᠤᠳᠠᠯ ᠪᠣᠯᠤᠨ᠎ᠠ᠂ ᠬᠥᠭ᠌ᠵᠢᠯᠲᠡ᠎ᠶ᠋ᠢᠨ ᠳᠤᠮᠳᠠ ᠬᠥᠳᠡᠯᠦᠩᠭᠦᠢ ᠲᠡᠩᠴᠡᠭᠦᠷᠢ᠎ᠶ᠋ᠢ ᠪᠦᠷᠢᠮᠦᠰᠦᠨ ᠪᠡᠶᠡᠯᠡᠭᠦᠯᠵᠦ᠍ ᠲᠡᠢᠯᠦᠨ᠎ᠠ᠃ ᠬᠠᠷᠢᠯᠴᠠᠨ ᠲᠦᠱᠢᠭ᠌ᠯᠡᠬᠦ᠌ ᠨᠢ ᠠᠶᠤᠯ ᠲᠦᠭ᠌ᠰᠢᠭᠦᠷᠢ ᠪᠢᠰᠢ᠂ ᠠᠱᠢᠭ ᠲᠤᠰᠠ᠎ᠶ᠋ᠢᠨ ᠠᠭᠤᠰᠤᠯᠴᠠᠯ ᠨᠢ ᠰᠦᠷᠳᠡᠭᠦᠯᠦᠯ ᠪᠢᠰᠢ᠃ ᠳᠤᠮᠳᠠᠳᠤ ᠹᠷᠠᠨᠼᠢ ᠬᠣᠶᠠᠷ ᠲᠠᠯ᠎ᠠ᠎ᠪᠠᠷ᠎ᠢᠶᠠᠨ ᠳᠤᠮᠳᠠᠳᠤ ᠧᠦ᠋ᠷᠣᠫᠠ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ᠎ᠶ᠋ᠢᠨ ᠨᠡᠩ ᠬᠡᠬᠡᠨ ᠰᠠᠷᠠᠭᠤᠯ ᠲᠠᠷᠠᠭᠠᠴᠢ ᠵᠢᠨ 50 ᠵᠢᠯ᠎ᠢ ᠬᠠᠮᠲᠤ᠎ᠪᠠᠷ ᠴᠣᠭ᠍ᠴᠠᠯᠠᠬᠤ᠎ᠶ᠋ᠢ ᠠᠬᠢᠭᠤᠯᠤᠶ᠎ᠠ᠃

ᠭᠤᠷᠪᠠ᠎ᠳᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌᠎ᠳᠦ ᠬᠠᠮᠲᠤ᠎ᠪᠠᠷ ᠱᠢᠨ᠎ᠡ ᠬᠤᠪᠢ ᠨᠡᠮᠡᠷᠢ ᠦᠵᠡᠭᠦᠯᠦᠶ᠎ᠠ᠃ ᠡᠨᠡ ᠵᠢᠯ ᠪᠣᠯ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 80 ᠵᠢᠯ᠎ᠦᠨ ᠤᠢ ᠪᠣᠯᠤᠨ᠎ᠠ᠃ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢᠨ ᠳᠠᠷᠠᠭ᠎ᠠ᠂ ᠡᠨᠡ ᠵᠢᠯ᠎ᠦᠨ 9 ᠰᠠᠷ᠎ᠠ᠎ᠳᠤ ᠪᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠪᠠ᠃ ᠳᠤᠮᠳᠠᠳᠤ ᠹᠷᠠᠨᠼᠢ ᠬᠣᠶᠠᠷ ᠤᠯᠤᠰ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠠᠢᠷᠢ ᠰᠠᠭᠤᠷᠢ ᠪᠣᠯᠤᠨ ᠡᠷᠬᠡ ᠰᠦᠷ᠎ᠢ ᠬᠠᠮᠲᠤ᠎ᠪᠠᠷ ᠬᠠᠮᠠᠭᠠᠯᠠᠵᠤ᠂ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭ᠍ᠰᠠᠨ᠂ ᠲᠦᠷᠢᠮ᠎ᠢᠶᠡᠷ ᠰᠠᠭᠤᠷᠢ ᠪᠣᠯᠭᠠᠭ᠍ᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ ᠢ᠋ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌᠎ᠳᠦ ᠢᠳᠡᠪᠬᠢ ᠬᠦᠴᠦᠨ ᠨᠡᠮᠡᠷᠢᠯᠡᠶ᠎ᠡ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠬᠢᠨᠠᠨ ᠵᠥᠪᠯᠡᠵᠦ᠍ ᠪᠠᠲᠤᠯᠠᠪᠠ᠃ ᠳᠤᠮᠳᠠᠳᠤ ᠤᠯᠤᠰ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠵᠢ ᠥᠷᠭᠡᠳᠭᠡᠨ᠎ᠡ᠃ ᠹᠷᠠᠨᠼᠢ᠎ᠶ᠋ᠢᠨ ᠠᠵᠤ ᠠᠬᠤᠢᠯᠠᠯᠲᠠᠳ᠎ᠤᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠱᠢᠭ᠎ᠢ ᠦᠷᠭᠦᠯᠵᠢᠯᠡᠨ ᠬᠠᠮᠲᠤ᠎ᠪᠠᠷ ᠡᠳ᠋ᠯᠡᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ ᠭᠡᠵᠦ ᠴᠢᠬᠤᠯᠠᠴᠢᠯᠠᠪᠠ᠃

ᠳᠤᠮᠳᠠᠳᠤ ᠹᠷᠠᠨᠼᠢ ᠬᠣᠶᠠᠷ ᠤᠯᠤᠰ᠎ᠤᠨ ᠵᠠᠰᠠᠭ᠎ᠤᠨ ᠣᠷᠳᠣᠨ᠂ ᠠᠵᠤ ᠠᠬᠤᠢᠯᠠᠯ ᠵᠡᠷᠭᠡ ᠡᠯ᠎ᠡ ᠡᠲᠡᠭᠡᠳ᠎ᠦᠨ ᠲᠦᠯᠦᠬᠡᠯᠡᠭᠴᠢ 150 ᠱᠢᠬᠠᠮ ᠬᠦᠮᠦᠨ ᠲᠡᠭᠦᠰᠭᠦ ᠶᠣᠰᠣᠯᠠᠯ᠎ᠳᠤ ᠣᠷᠣᠯᠴᠠᠪᠠ᠃

ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号