ᠠᠦ᠋ᠰᠲ᠋ᠷᠠᠯᠢᠶ᠎ᠠ᠎ᠶ᠋ᠢᠨ ᠵᠠᠰᠠᠭ᠎ᠤᠨ ᠣᠷᠳᠣᠨ 2 ᠤ᠋ᠨ ᠡᠳᠦᠷ ᠤᠯᠤᠰ᠎ᠤᠨ ᠵᠣᠬᠢᠶᠠᠮᠠᠯ ᠣᠶᠤᠨ ᠴᠢᠳᠠᠪᠤᠷᠢ (AI) ᠶ᠋ᠢᠨ ᠲᠥᠯᠥᠪᠯᠡᠭᠡ᠎ᠶ᠋ᠢ ᠨᠡᠢᠲᠡᠯᠡᠵᠦ᠍᠂ AI ᠶ᠋ᠢᠨ ᠬᠥᠭ᠌ᠵᠢᠯᠲᠡ ᠪᠠ ᠬᠡᠷᠡᠭ᠌ᠯᠡᠯᠲᠡ᠎ᠶ᠋ᠢ ᠲᠦᠷᠭᠡᠳᠭᠡᠵᠦ᠍᠂ ᠤᠯᠤᠰ ᠤ᠋ᠨ ᠠᠷᠠᠳᠢᠷᠭᠡᠳ ᠲᠡᠭᠦᠨ᠎ᠦ ᠠᠪᠴᠢᠷᠠᠭ᠍ᠰᠠᠨ ᠠᠱᠢᠭ ᠲᠤᠰᠠ᠎ᠶ᠋ᠢ ᠬᠤᠪᠢᠶᠠᠯᠴᠠᠬᠤ᠎ᠶ᠋ᠢᠨ ᠵᠡᠷᠭᠡ ᠪᠡᠷ ᠱᠢᠨ᠎ᠡ᠎ᠶ᠋ᠢ ᠡᠭᠦᠳᠬᠦ᠌ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢᠨ ᠬᠣᠭᠣᠷᠣᠨᠳᠣ ᠪᠣᠯᠭᠣᠮᠵᠢᠲᠠᠶ ᠲᠡᠩᠴᠡᠭᠦᠷᠢᠲᠡᠶ ᠪᠠᠢᠯᠭᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠶᠤᠮ ᠭᠡᠵᠡᠶ᠃
ᠠᠦ᠋ᠰᠲ᠋ᠷᠠᠯᠢᠶ᠎ᠠ᠎ᠶ᠋ᠢᠨ ᠠᠵᠤ ᠦᠶ᠋ᠯᠡᠳᠪᠦᠷᠢ ᠪᠠ ᠱᠢᠨ᠎ᠡ᠎ᠶ᠋ᠢ ᠡᠭᠦᠳᠬᠦ᠌ ᠶᠠᠮᠤᠨ᠎ᠤ ᠰᠠᠢᠳ ᠪᠥᠭᠡᠳ ᠱᠢᠨᠵᠢᠯᠡᠬᠦ᠌ ᠤᠬᠠᠭᠠᠨ᠎ᠤ ᠶᠠᠮᠤᠨ᠎ᠤ ᠰᠠᠢᠳ ᠳ᠋ᠢᠮᠦ᠋·ᠠᠢ᠌ᠷᠰ ᠨᠢᠭᠡ ᠬᠤᠪᠢ ᠰᠣᠨᠢᠨ ᠮᠡᠳᠡᠭᠡᠨ᠎ᠦ ᠠᠯᠪᠠᠨ ᠮᠡᠳᠡᠭᠡ᠎ᠳᠡᠭᠡᠨ᠂ ᠡᠨᠡ ᠬᠦ᠌ ᠲᠥᠯᠥᠪᠯᠡᠭᠡ᠎ᠶ᠋ᠢᠨ ᠵᠣᠷᠢᠯᠭ᠎ᠠ ᠨᠢ ᠮᠡᠷᠭᠡᠵᠢᠯ ᠨᠢ ᠠᠦ᠋ᠰᠲ᠋ᠷᠠᠯᠢᠶ᠎ᠠ᠎ᠶ᠋ᠢᠨ ᠠᠷᠠᠳ ᠣᠯᠠᠨ᠎ᠳᠤ ᠦᠶ᠋ᠯᠡᠴᠢᠯᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠶᠤᠮ᠃ AI ᠨᠢ ᠦᠨᠳᠦᠰᠦᠨ ᠦᠶ᠋ᠯᠡᠴᠢᠯᠡᠭᠡᠨ᠎ᠦ ᠵᠥᠷᠢᠶ᠎ᠡ᠎ᠶ᠋ᠢ ᠪᠠᠭᠠᠰᠭᠠᠬᠤ᠂ ᠰᠤᠷᠭᠠᠨ ᠬᠥᠮᠦᠵᠢᠯ ᠪᠠ ᠠᠵᠢᠯ ᠣᠯᠭᠣᠯᠲᠠ᠎ᠶ᠋ᠢ ᠰᠠᠢᠵᠢᠷᠠᠭᠤᠯᠬᠤ᠂ ᠢᠷᠡᠭᠡᠳᠦᠶ᠎ᠶ᠋ᠢᠨ ᠱᠢᠨ᠎ᠡ ᠠᠵᠤ ᠦᠶ᠋ᠯᠡᠰ᠎ᠲᠦ ᠥᠨᠳᠥᠷ ᠴᠠᠯᠢᠩ ᠡᠭᠦᠳᠬᠦ᠌᠎ᠳᠦ ᠠᠱᠢᠭ᠍ᠲᠠᠶ ᠶᠤᠮ ᠭᠡᠪᠡ᠃
ᠠᠯᠪᠠᠨ ᠮᠡᠳᠡᠭᠡ᠎ᠳᠦ᠂ ᠠᠦ᠋ᠰᠲ᠋ᠷᠠᠯᠢᠶ᠎ᠠ᠎ᠶ᠋ᠢᠨ ᠵᠠᠰᠠᠭ᠎ᠤᠨ ᠣᠷᠳᠣᠨ 2026 ᠣᠨ᠎ᠤ ᠡᠬᠢ᠎ᠪᠡᠷ AI ᠵᠢᠨ ᠠᠮᠤᠷ ᠲᠦᠪᠱᠢᠨ᠎ᠦ ᠰᠤᠳᠤᠯᠭᠠᠨ᠎ᠤ ᠭᠠᠵᠠᠷ᠎ᠢ ᠪᠠᠢᠭᠤᠯᠬᠤ ᠪᠣᠯᠤᠨ᠎ᠠ᠃
ᠢᠷᠠᠯᠳᠠ᠄ ᠰᠢᠨᠬᠤᠸᠠ ᠬᠤᠷᠢᠶ᠎ᠠ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号