ᠣᠷᠣᠰ᠎ᠤᠨ ᠵᠠᠭᠤᠴᠢᠯᠠᠭᠤᠷ᠎ᠤᠨ ᠬᠢᠨ 2 ᠤ᠋ᠨ ᠡᠳᠦᠷ ᠣᠷᠣᠰ᠎ᠤᠨ ᠶᠡᠷᠦᠩᠬᠡᠢᠯᠡᠭ᠌ᠴᠢ᠎ᠶ᠋ᠢᠨ ᠰᠣᠨᠢᠨ ᠮᠡᠳᠡᠭᠡᠨ᠎ᠦ ᠨᠠᠷᠢᠨ ᠪᠢᠴᠢᠭᠡᠴᠢ ᠫᠸᠢᠢᠰᠺᠸᠹᠤᠨ ᠦᠭᠡ᠎ᠶ᠋ᠢ ᠡᠰᠢ ᠲᠠᠲᠠᠵᠤ ᠬᠡᠯᠡᠬᠦ᠌᠎ᠳᠡᠭᠡᠨ᠂ ᠠᠮᠧᠷᠢᠺᠠ᠎ᠶ᠋ᠢᠨ ᠵᠠᠰᠠᠭ᠎ᠤᠨ ᠣᠷᠳᠣᠨ᠎ᠤ ᠤᠯᠤᠰ ᠲᠥᠷᠥ᠍ ᠪᠠ ᠭᠠᠳᠠᠭᠠᠳᠤ ᠬᠠᠷᠢᠯᠴᠠᠭᠠᠨ᠎ᠤ ᠠᠷᠭ᠎ᠠ ᠪᠠᠷᠢᠯ᠎ᠢᠶᠠᠷ ᠳᠠᠮᠵᠢᠭᠤᠯᠤᠨ ᠦᠺᠷᠠᠢᠨ᠎ᠤ ᠬᠢᠮᠤᠷᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠭᠠᠷᠭᠠᠭ᠍ᠰᠠᠨ ᠴᠢᠷᠮᠠᠢᠯᠭ᠎ᠠ᠎ᠶ᠋ᠢ ᠣᠷᠣᠰ ᠳᠡᠭᠡᠳᠦ ᠬᠡᠮᠵᠢᠶ᠎ᠡ᠎ᠪᠡᠷ ᠦᠨᠡᠯᠡᠵᠦ᠍ ᠪᠠᠢᠨ᠎ᠠ᠃ ᠣᠷᠣᠰ᠎ᠤᠨ ᠶᠡᠷᠦᠩᠬᠡᠢᠯᠡᠭ᠌ᠴᠢ ᠫᠦᠲ᠋ᠢᠨ ᠪᠣᠯᠤᠨ ᠠᠮᠧᠷᠢᠺᠠ᠎ᠶ᠋ᠢᠨ ᠳᠤᠮᠳᠠᠳᠤ ᠳᠣᠷᠣᠨᠠᠲᠤ᠎ᠶ᠋ᠢᠨ ᠠᠰᠠᠭᠤᠳᠠᠯ᠎ᠤᠨ ᠲᠤᠬᠠᠶ ᠣᠨᠴᠠ ᠡᠯᠴᠢ ᠸᠸᠢᠢᠲ᠋ᠺᠸᠹᠤᠨ ᠮᠣᠰᠺᠸᠠ᠎ᠳᠤ ᠬᠢᠭ᠌ᠰᠡᠨ ᠬᠡᠯᠡᠯᠴᠡᠭᠡ ᠪᠣᠯ ᠬᠢᠮᠤᠷᠠᠯ᠎ᠢ ᠨᠠᠢᠷᠠᠮᠳᠠᠯ᠎ᠢᠶᠠᠷ ᠱᠢᠶ᠋ᠳᠪᠦᠷᠢᠯᠡᠬᠦ᠌ ᠴᠢᠬᠤᠯᠠ ᠨᠢᠭᠡ ᠠᠯᠬᠤᠮ ᠪᠣᠯᠤᠨ᠎ᠠ ᠭᠡᠪᠡ᠃
ᠫᠸᠢᠢᠰᠺᠸᠹ᠂ ᠤᠷᠤᠰ᠎ᠤᠨ ᠬᠢᠨ ᠠᠮᠧᠷᠢᠺᠠ᠎ᠶ᠋ᠢᠨ ᠥᠨᠳᠥᠷ ᠪᠦᠲᠦᠮᠵᠢᠲᠡᠢ ᠡᠶᠡᠳᠡᠭᠦᠯᠭᠡ ᠠᠮᠵᠢᠯᠲᠠ ᠤᠯᠬᠤ᠎ᠶ᠋ᠢ ᠬᠦᠰᠡᠵᠦ᠍ ᠪᠠᠢᠨ᠎ᠠ᠂ ᠤᠷᠤᠰ᠎ᠤᠨ ᠬᠢᠨ ᠳᠤᠷᠠᠲᠠᠶ᠎ᠠ ᠡᠩᠬᠡ ᠲᠠᠢᠪᠤᠩ᠎ᠢ ᠪᠡᠶᠡᠯᠡᠭᠦᠯᠬᠦ᠌᠎ᠶ᠋ᠢᠨ ᠲᠥᠯᠥᠭᠡ ᠴᠢᠷᠮᠠᠢᠨ᠎ᠠ ᠭᠡᠵᠤ ᠢᠯᠡᠳᠭᠡᠪᠡ᠃
ᠫᠸᠢᠢᠰᠺᠸᠹ ᠪᠠᠰᠠ ᠵᠠᠭᠤᠴᠢᠯᠠᠭᠤᠷ᠎ᠲᠤ᠂ ᠫᠦᠲ᠋ᠢᠨ ᠪᠣᠯᠤᠨ ᠸᠸᠢᠢᠲ᠋ᠺᠸᠹᠤᠨ ᠬᠡᠯᠡᠯᠴᠡᠭᠡ ᠪᠠᠷᠤᠭ ᠬᠡᠳᠦᠨ ᠴᠠᠭ᠎ᠤᠨ ᠳᠠᠷᠠᠭ᠎ᠠ ᠡᠬᠢᠯᠡᠨ᠎ᠡ ᠭᠡᠵᠡᠶ᠃
ᠢᠷᠠᠯᠳᠠ᠄ ᠰᠢᠨᠬᠤᠸᠠ ᠬᠤᠷᠢᠶ᠎ᠠ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号